ᠥᠪᠥᠷ ᠮᠣᠩᠭᠤᠯ ᠤᠨ ᠫᠢᠩᠵᠤᠸᠠᠩ ᠨᠡᠭᠦᠷᠡᠰᠦᠨ ᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠵᠠᠯᠭᠠᠬᠤ ᠢᠨᠵᠧᠨᠧᠷᠢᠩ ᠤᠨ ᠭᠠᠵᠠᠷ ᠰᠢᠷᠣᠢ ᠶᠢᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢᠨ ᠠᠯᠪᠠᠨ ᠵᠠᠷ
ᠨᠡᠶᠢᠲᠡᠯᠡᠭᠰᠡᠨ ᠴᠠᠭ᠄
2023/6/15
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠲᠣᠭᠲᠠᠭᠠᠬᠤ ᠠᠵᠢᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠫᠢᠩᠵᠤᠸᠠᠩ ᠨᠡᠭᠦᠷᠡᠰᠦᠨ ᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠵᠠᠯᠭᠠᠬᠤ ᠢᠨᠵᠧᠨᠧᠷᠢᠩ ᠤᠨ ᠭᠠᠵᠠᠷ ᠰᠢᠷᠣᠢ ᠶᠢᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ︾᠎ ᠶᠢᠨ ᠦᠷ᠎ᠡ ᠪᠦᠲᠦᠭᠡᠯ ᠢ ᠵᠠᠷᠯᠠᠨ ᠨᠡᠶᠢᠲᠡᠯᠡᠵᠦ᠂ ᠲᠤᠰᠬᠠᠢ ᠮᠡᠷᠭᠡᠵᠢᠯᠲᠡᠨ ᠪᠣᠯᠣᠨ ᠣᠯᠠᠨ ᠨᠡᠶᠢᠲᠡ ᠠᠴᠠ ᠰᠠᠨᠠᠯ ᠬᠤᠷᠢᠶᠠᠵᠤ ᠪᠠᠶᠢᠨ᠎ᠠ᠃    ᠲᠣᠰ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢᠨ ᠬᠡᠪᠴᠢᠶ᠎ᠡ ᠨᠢ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠲᠣᠭᠤᠷᠢᠭ ᠲᠤ ᠪᠠᠶᠢᠵᠤ᠂ ᠣᠲᠣ ᠶᠢᠨ ᠠᠭᠤᠷᠬᠠᠢ ᠶᠢᠨ ᠨᠦᠬᠡ ᠶᠢᠨ ᠪᠠᠷᠠᠭᠤᠨ ᠬᠤᠶᠢᠲᠤ ᠲᠠᠯ᠎ᠠ ᠳᠤ ᠪᠣᠶ᠃    ᠲᠣᠰ ᠲᠥᠯᠦᠪᠵᠢᠭᠦᠯᠭᠡ ᠳᠤ ︽ᠤᠯᠠᠭᠠᠨᠬᠠᠳᠠ ᠬᠤᠲᠠ ᠶᠢᠨ ᠬᠤᠲᠠ ᠶᠢᠨ ᠶᠡᠷᠦᠩᠬᠡᠢ ᠲᠥᠯᠦᠪᠵᠢᠭᠦᠯᠭᠡ ︵2012 ︱ 2030 ᠣᠨ︶︾᠎ ᠪᠠᠷ ᠦᠨᠳᠦᠰᠦᠯᠡᠯ ᠪᠣᠯᠭᠠᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 25.83 ᠾᠧᠺᠲ᠋ᠠᠷ ᠪᠠᠶᠢᠵᠤ᠂ 4 ᠬᠡᠰᠡᠭ ᠭᠠᠵᠠᠷ ᠨᠠᠷᠢᠨ ᠬᠤᠪᠢᠶᠠᠪᠠ᠄ A-01 ᠬᠡᠰᠡᠭ ᠭᠠᠵᠠᠷ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 19.51 ᠾᠧᠺᠲ᠋ᠠᠷ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠪᠠᠶᠢᠵᠤ᠂ ᠪᠠᠭᠲᠠᠭᠠᠮᠵᠢ ᠶᠢᠨ ᠨᠣᠷᠮ᠎ᠠ ᠨᠢ 0.1᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠨᠢᠭᠲᠠᠴᠠ ᠨᠢ 5% ᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠬᠢᠵᠠᠭᠠᠷᠲᠤ ᠥᠨᠳᠥᠷ ᠨᠢ 12 ᠮᠧᠲᠷ ᠪᠣᠯᠣᠨ᠎ᠠ︔ A-02 ᠬᠡᠰᠡᠭ ᠭᠠᠵᠠᠷ ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 2.45 ᠾᠧᠺᠲ᠋ᠠᠷ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠪᠣᠯᠣᠨ᠎ᠠ ᠂ ᠪᠠᠭᠲᠠᠭᠠᠮᠵᠢ ᠶᠢᠨ ᠨᠣᠷᠮ᠎ᠠ ᠨᠢ 1.2᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠨᠢᠭᠲᠠᠴᠠ ᠨᠢ 25%᠎ ᠠᠴᠠ ᠶᠡᠭᠡ ᠪᠠᠶᠢᠵᠤ ᠪᠣᠯᠬᠤ ᠦᠭᠡᠢ᠂ ᠨᠣᠭᠤᠭᠠᠨ ᠬᠥᠷᠥᠰᠥ ᠶᠢᠨ ᠨᠣᠷᠮ᠎ᠠ ᠨᠢ 30%᠎ ᠠᠴᠠ ᠪᠠᠭ᠎ᠠ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠬᠢᠵᠠᠭᠠᠷᠯᠠᠭᠰᠠᠨ ᠥᠨᠳᠥᠷ ᠨᠢ 20 ᠮᠧᠲᠷ ᠪᠣᠯᠣᠨ᠎ᠠ︔ A-03 ᠬᠡᠰᠡᠭ ᠭᠠᠵᠠᠷ ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 1.49 ᠾᠧᠺᠲ᠋ᠠᠷ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠪᠣᠯᠣᠨ᠎ᠠ ᠂ ᠪᠠᠭᠲᠠᠭᠠᠮᠵᠢ ᠶᠢᠨ ᠨᠣᠷᠮ᠎ᠠ ᠨᠢ 0.4᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠨᠢᠭᠲᠠᠴᠠ ᠨᠢ 20% ᠎ ᠠᠴᠠ ᠶᠡᠭᠡ ᠪᠠᠶᠢᠵᠤ ᠪᠣᠯᠬᠤ ᠦᠭᠡᠢ᠂ ᠨᠣᠭᠤᠭᠠᠨ ᠬᠥᠷᠥᠰᠥ ᠶᠢᠨ ᠨᠣᠷᠮ᠎ᠠ ᠨᠢ 30%᠎ ᠠᠴᠠ ᠪᠠᠭ᠎ᠠ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠬᠢᠵᠠᠭᠠᠷᠯᠠᠭᠰᠠᠨ ᠥᠨᠳᠥᠷ ᠨᠢ 15 ᠮᠧᠲᠷ ᠪᠣᠯᠤᠨ᠎ᠠ ︔ B-01ᠬᠡᠰᠡᠭ ᠭᠠᠵᠠᠷ ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 2.37 ᠾᠧᠺᠲ᠋ᠠᠷ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠪᠣᠯᠣᠨ᠎ᠠ ᠂ ᠪᠠᠭᠲᠠᠭᠠᠮᠵᠢ ᠶᠢᠨ ᠨᠣᠷᠮ᠎ᠠ ᠨᠢ 0.1᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠨᠢᠭᠲᠠᠴᠠ ᠨᠢ 5% ᠎ ᠠᠴᠠ ᠶᠡᠭᠡ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠬᠢᠵᠠᠭᠠᠷᠯᠠᠭᠰᠠᠨ ᠥᠨᠳᠥᠷ ᠨᠢ 12 ᠮᠧᠲᠷ ᠪᠣᠯᠣᠨ᠎ᠠ᠃    ᠰᠠᠨᠠᠯ ᠪᠠ ᠰᠠᠨᠠᠭᠤᠯᠭ᠎ᠠ ᠪᠠᠶᠢᠪᠠᠯ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠷᠢᠯᠴᠠᠭᠠᠷᠠᠢ᠃    ᠤᠲᠠᠰᠤ᠄ 0476-3509923      ᠬᠠᠶ᠋ᠢᠭ᠄ ᠫᠢᠩᠵᠤᠸᠠᠩ ᠬᠤᠲᠠ ᠶᠢᠨ ᠲᠣᠭᠤᠷᠢᠭ ᠤᠨ ᠬᠠ ᠾᠧ ᠵᠡᠭᠡᠯᠢ ᠶᠢᠨ ᠵᠡᠭᠦᠨ ᠬᠡᠰᠡᠭ ᠤᠨ ᠡᠮᠦᠨ᠎ᠡ ᠲᠠᠯ᠎ᠠ ᠳᠤ᠃    ᠦᠵᠡᠭᠦᠯᠦᠯᠭᠡ ᠶᠢᠨ ᠰᠠᠮᠪᠠᠷ᠎ᠠ ᠶᠢ ᠢᠯᠡ ᠨᠡᠶᠢᠲᠡᠯᠡᠬᠦ ᠭᠠᠵᠠᠷ ᠨᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠶᠤᠸᠠᠨ ᠪᠦᠦ ᠱᠠᠨ ᠪᠠᠯᠭᠠᠰᠤᠨ ᠤ ᠵᠠᠰᠠᠭ ᠤᠨ ᠣᠷᠳᠣᠨ ᠤ ᠠᠯᠪᠠᠨ ᠠᠰᠠᠷ ᠪᠠ ᠲᠥᠷᠥᠯ ᠵᠦᠢᠯ ᠤᠨ ᠲᠤᠬᠠᠢ ᠶᠢᠨ ᠲᠠᠯᠠᠪᠤᠷ  ᠪᠠᠶᠢᠵᠤ᠂ ᠢᠯᠡ ᠨᠡᠶᠢᠲᠡᠯᠡᠬᠦ ᠬᠤᠭᠤᠴᠠᠭ᠎ᠠ ᠨᠢ 30 ᠡᠳᠦᠷ ᠪᠣᠯᠣᠨ᠎ᠠ᠃             ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ            ᠎ ᠶᠢᠨ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ                      2023 ᠣᠨ ᠤ 6 ᠰᠠᠷ᠎ᠠ ᠶᠢᠨ 13 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1