ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/6/16
    6 ᠳ᠋ᠤᠭᠠᠷ ᠰᠠᠷ᠎ᠠ ᠶᠢᠨ 14᠎ ᠤ ᠡᠳᠦᠷ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ︽ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ 2021 ︱ 2030︶︾ ᠪᠠ ︽ᠶᠤᠸᠠᠨ ᠪᠦᠦ ᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030︶︾᠎ ᠶᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠦ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ ᠪᠠ ᠬᠤᠯᠪᠣᠭᠠᠴᠢᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠬᠤᠯᠪᠣᠭᠠᠴᠢᠨ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ 50 ᠰᠢᠬᠠᠮ ᠬᠥᠮᠥᠨ ᠪᠣᠯᠪᠠᠰᠤᠷᠠᠯ ᠳᠤ ᠣᠷᠣᠯᠴᠠᠪᠠ ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠨᠠᠮ ᠤᠨ ᠰᠤᠷᠭᠠᠭᠤᠯᠢ ᠶᠢᠨ ᠶᠠᠩ ᠰᠢᠶᠣᠣ ᠴᠧᠨ ᠫᠷᠤᠹᠥᠰᠰᠤᠷ ᠵᠢᠴᠢ ᠤᠯᠠᠭᠠᠨᠬᠠᠳᠠ ᠬᠤᠳᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠲᠦᠩ ᠱᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠴᠤᠤ ᠾᠥᠢ ᠬᠠᠤᠯᠢᠴᠢ ᠶᠢ ᠤᠷᠢᠵᠤ᠂ ᠲᠤᠰ ᠲᠤᠰ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠵᠡᠷᠭᠡ ᠤᠯᠤᠰ ᠤᠨ ᠦᠨᠳᠦᠰᠦᠨ ᠪᠣᠳᠣᠯᠭ᠎ᠠ ᠂ ︽ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ︾ ᠪᠣᠯᠣᠨ ︽ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ︾ ᠵᠡᠷᠭᠡ ᠬᠡᠳᠦᠨ ᠲᠠᠯ᠎ᠠ ᠪᠠᠷ ᠬᠢᠴᠢᠶᠡᠯᠯᠡᠭᠦᠯᠪᠡ᠃ ᠬᠢᠴᠢᠶᠡᠯ ᠳᠠᠭᠤᠰᠤᠭᠰᠠᠨ ᠤ ᠳᠠᠷᠠᠭ᠎ᠠ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠲᠣᠭᠤᠷᠢᠨ ᠳᠤ ᠪᠣᠯᠪᠠᠰᠤᠷᠠᠭᠤᠯᠤᠯ ᠬᠢᠵᠦ᠂ ᠡᠯ᠎ᠡ ᠪᠦᠷᠢᠯᠳᠦᠭᠦᠨ ᠨᠢᠭᠡᠴᠢ ᠶᠢᠨ ᠬᠤᠯᠪᠣᠭᠠᠴᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠲᠣᠰ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ᠃    ᠪᠣᠯᠪᠠᠰᠤᠷᠠᠯ ᠤᠨ ᠠᠩᠭᠢ ᠨᠢᠭᠡ ᠡᠳᠦᠷ ᠤᠨ ᠬᠤᠭᠤᠴᠠᠭ᠎ᠠ ᠲᠠᠢ᠂ ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠂ ᠪᠦᠬᠦ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠳᠤ ᠡᠮᠡᠭᠲᠡᠶᠢᠴᠦᠳ ᠬᠡᠦᠬᠡᠳ ᠤᠨ ᠪᠦᠬᠦ ᠲᠠᠯ᠎ᠠ ᠪᠠᠷ ᠬᠥᠭᠵᠢᠬᠦ ᠪᠣᠯ ᠨᠢᠭᠡᠨ ᠡᠷᠬᠢᠮ ᠳᠡᠭᠡᠳᠦ ᠦᠢᠯᠡᠰ ᠮᠥᠨ ᠂ ᠮᠥᠨ ᠴᠦ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ ᠭᠡᠳᠡᠭ ᠢ ᠲᠠᠨᠢᠭᠤᠯᠵᠤ᠂ ︽ᠬᠤᠶᠠᠷ ᠬᠥᠲᠥᠯᠪᠦᠷᠢ︾᠎ ᠶᠢᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠬᠠᠷᠢᠭᠤᠴᠠᠯᠭ᠎ᠠ ᠬᠦᠨᠳᠦ ᠪᠠᠶᠢᠵᠤ᠂ ᠲᠠᠷᠠᠭᠠᠴᠢ ᠶᠢᠨ ᠠᠵᠢᠯ ᠤᠨ ᠳᠤᠮᠳᠠ ᠪᠠᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠤᠭᠤᠰᠢᠯᠠᠭᠤᠯᠵᠤ ᠂ ︽ᠬᠤᠶᠠᠷ ᠬᠥᠲᠥᠯᠪᠦᠷᠢ︾᠎ ᠶᠢᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠯᠠᠪᠳᠠᠭᠤᠨ ᠪᠠᠲᠤᠲᠠᠢ ᠠᠵᠢᠯᠯᠠᠵᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1