ᠦ᠋ ᠵᠢᠶᠠ ᠪᠠᠯᠭᠠᠰᠤ᠄ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠤᠬᠠᠭᠤᠯᠭ᠎ᠠ ᠶᠢ ᠶᠡᠭᠡ ᠴᠤᠭᠯᠠᠭ᠎ᠠ ᠮᠠᠶᠢᠮᠠᠢ ᠶᠢ ᠲᠣᠬᠢᠶᠠᠯᠳᠤᠭᠤᠯᠤᠨ ᠬᠢᠵᠦ᠂ ᠤᠯᠠᠨ ᠲᠦᠮᠡᠨ ᠳᠤ ᠬᠠᠷᠰᠢ ᠰᠠᠭᠠᠳ ᠥᠭᠡᠢ ᠥᠢᠯᠡᠴᠢᠯᠡᠨ᠎ᠡ
ᠨᠡᠶᠢᠲᠡᠯᠡᠭᠰᠡᠨ ᠴᠠᠭ᠄
2023/6/19
    6 ᠰᠠᠷ᠎ᠠ ᠶᠢᠨ 15᠎ ᠤ ᠡᠳᠦᠷ ᠂ ᠶᠠᠭ ᠰᠠᠶᠢᠬᠠᠨ ᠦ᠋ ᠵᠢᠶᠠ ᠪᠠᠯᠭᠠᠰᠤᠨ ᠤ ᠬᠥᠳᠡᠭᠡ ᠲᠣᠰᠬᠤᠨ ᠤ ᠶᠡᠭᠡ ᠴᠤᠭᠯᠠᠭ᠎ᠠ ᠮᠠᠶᠢᠮᠠᠢ ᠪᠣᠯᠵᠤ ᠂ ᠲᠤᠰ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠂ ᠶᠡᠷᠦᠩᠬᠡᠶᠢᠯᠡᠨ ᠵᠠᠰᠠᠬᠤ ᠂ ᠬᠠᠤᠯᠢ ᠴᠠᠭᠠᠵᠠ ᠂ ᠤᠬᠠᠭᠤᠯᠭ᠎ᠠ ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢ ᠶᠡᠭᠡ ᠴᠤᠭᠯᠠᠭ᠎ᠠ ᠮᠠᠶᠢᠮᠠᠢ ᠶᠢ ᠲᠣᠬᠢᠶᠠᠯᠳᠤᠭᠤᠯᠤᠨ ᠬᠢᠬᠦ ᠠᠵᠢᠯᠯᠠᠭ᠎ᠠ ᠶᠢ ᠬᠠᠮᠲᠤᠪᠠᠷ ᠥᠷᠨᠢᠭᠦᠯᠵᠡᠢ ᠃    ᠡᠨᠡ ᠵᠢᠯ ᠤᠨ 6 ᠰᠠᠷ᠎ᠠ ᠪᠣᠯ ᠪᠦᠬᠦ ᠤᠯᠤᠰ ᠤᠨ 22 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠣᠨ᠎ᠠ᠂ ᠦ᠋ ᠵᠢᠶᠠ ᠪᠠᠯᠭᠠᠰᠤ ᠨᠢ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠥᠨ ᠪᠥᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾᠎ ᠪᠠᠷ ᠭᠤᠣᠯ ᠰᠡᠳᠦᠪ ᠪᠣᠯᠭᠠᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠠᠶᠤᠯᠭᠦᠢ ᠦᠢᠯᠡᠳᠪᠦᠷᠢᠯᠡᠯ ᠢ ᠠᠩᠬᠠᠷᠬᠤ ᠂ ᠪᠥᠬᠦ ᠠᠷᠠᠳ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠳᠠᠶᠢᠴᠢᠯᠠᠨ ᠳᠡᠭᠡᠭᠰᠢᠯᠡᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠦᠶᠡᠷ ᠢ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠮᠤᠷ ᠲᠦᠪᠰᠢᠨ ᠤ ᠮᠡᠳᠡᠯᠭᠡ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠤᠯᠠᠮᠵᠢᠯᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠤᠨ ᠮᠠᠰᠢᠨ ᠲᠠᠷᠢᠶᠠᠨ ᠡᠮ ᠤᠨ ᠬᠡᠷᠡᠭᠯᠡᠯᠲᠡ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠤᠰᠤᠨ ᠳᠤ ᠵᠢᠪᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠠᠭᠤᠯᠭ᠎ᠠ ᠶᠢ ᠭᠦᠨᠵᠡᠭᠡᠢ ᠣᠶᠢᠯᠠᠭᠠᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠴᠢᠭ᠋ ᠪᠠᠶᠢᠭᠤᠯᠵᠤ᠂ ᠴᠤᠭᠯᠠᠭ᠎ᠠ ᠮᠠᠶᠢᠮᠠᠢ ᠳᠤ ᠣᠴᠢᠬᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠮᠤᠷ ᠲᠦᠪᠰᠢᠨ ᠤ ᠰᠡᠷᠭᠡᠶᠢᠯᠡᠯᠲᠡ᠂ ᠭᠠᠯ ᠰᠡᠷᠭᠡᠶᠢᠯᠡᠬᠦ ᠤᠰᠤᠨ ᠳᠤ ᠵᠢᠪᠬᠦ ᠶᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠬᠠᠤᠯᠢ ᠴᠠᠭᠠᠵᠠ ᠶᠢᠨ ᠠᠰᠠᠭᠤᠨ ᠯᠠᠪᠯᠠᠯᠭ᠎ᠠ ᠵᠡᠷᠭᠡ ᠶᠢ ᠬᠦᠯᠢᠴᠡᠩᠭᠦᠢ ᠬᠠᠷᠢᠭᠤᠯᠤᠨ ᠥᠭᠪᠡ᠃    ᠲᠤᠰ ᠤᠳᠠᠭᠠᠨ ᠤ ︽ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ᠶᠡᠭᠡ ᠴᠤᠭᠯᠠᠭ᠎ᠠ ᠮᠠᠶᠢᠮᠠᠢ ᠶᠢ ᠲᠣᠬᠢᠶᠠᠯᠳᠤᠭᠤᠯᠤᠨ ᠬᠢᠬᠦ︾ ᠠᠵᠢᠯᠯᠠᠭ᠎ᠠ ᠪᠠᠷ ᠳᠠᠮᠵᠢᠭᠤᠯᠤᠨ᠂ ︽ ᠬᠥᠮᠥᠨ ᠪᠥᠬᠦᠨ ᠠᠮᠤᠷ ᠲᠦᠪᠰᠢᠨ ᠢ ᠡᠷᠬᠢᠮᠯᠡᠵᠦ ᠂ ᠬᠥᠮᠥᠨ  ᠪᠥᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ   ᠠᠬᠢᠭᠤᠯᠵᠤ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠶᠡᠬᠡᠪᠡᠷ ᠰᠠᠨᠠᠭᠠᠴᠢᠯᠠᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠰᠠᠨᠠᠭᠠᠴᠢᠯᠠᠵᠤ ᠂ ᠡᠯ᠎ᠡ ᠲᠠᠯ᠎ᠠ ᠶᠢᠨ ᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠣᠷᠣᠯᠴᠠᠬᠤ ᠶᠢ ᠴᠢᠬᠤᠯᠠᠴᠢᠯᠠᠨ ᠳᠡᠮᠵᠢᠵᠦ᠂ ᠬᠠᠮᠲᠤᠪᠠᠷ ᠪᠠᠶᠢᠭᠤᠯᠬᠤ ᠂ ᠬᠠᠮᠲᠤᠪᠠᠷ ᠵᠠᠰᠠᠬᠤ ᠂ ᠬᠠᠮᠲᠤᠪᠠᠷ ᠡᠳ᠋ᠯᠡᠬᠦ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠬᠤ ᠎ ᠶᠢ ᠲᠥᠯᠬᠢᠨ ᠠᠬᠢᠭᠤᠯᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1