︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ — ᠶᠤᠸᠠᠨ ᠪᠦᠦ ᠱᠠᠨ ᠲᠣᠭᠤᠷᠢᠭ 2023 ᠣᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ ᠡᠳᠦᠷ︾᠎ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/19
    6 ᠰᠠᠷ᠎ᠠ ᠶᠢᠨ 16᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ 20 ᠭᠠᠷᠤᠶ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠵᠤ ᠫᠢᠩᠵᠤᠸᠠᠩ ᠤᠨ ᠶᠢᠨ ᠾᠧ ᠲᠠᠯᠠᠪᠠᠶ ᠳᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ ᠡᠳᠦᠷ︾᠎ ᠤᠨ ᠠᠵᠢᠯᠯᠠᠭ᠎ᠠ ᠥᠷᠨᠢᠭᠦᠯᠵᠦ᠂ ᠪᠥᠬᠦ ᠲᠤᠭᠤᠷᠢᠭ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢ ᠣᠷᠭᠢᠯ ᠳᠤ ᠬᠦᠷᠭᠡᠵᠦ᠂ ᠰᠠᠶᠢᠨ ᠰᠠᠶᠢᠬᠠᠨ ᠠᠮᠤᠷ ᠲᠦᠪᠰᠢᠨ ᠤ ᠠᠭᠤᠷ ᠠᠮᠢᠰᠬᠤᠯ ᠢ ᠤᠯᠠᠮ ᠭᠥᠨ ᠵᠤᠵᠠᠭᠠᠨ ᠪᠣᠯᠭᠠᠪᠠ᠃    ᠲᠤᠬᠠᠶ ᠶᠢᠨ ᠲᠠᠯᠠᠪᠤᠷ ᠲᠤ ︽ᠠᠰᠠᠭᠤᠨ ᠯᠠᠪᠯᠠᠬᠤ ᠲᠠᠪᠴᠠᠩ︾ ᠭᠠᠷᠭᠠᠬᠤ᠂ ᠡᠯᠭᠦᠭᠡ ᠪᠢᠴᠢᠭᠡᠰᠦ ᠡᠯᠭᠦᠬᠦ᠂ ᠠᠮᠤᠷ ᠲᠦᠪᠰᠢᠨ ᠤ ᠦᠵᠡᠭᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠱᠠᠩᠨᠠᠯ ᠲᠠᠢ ᠮᠠᠭᠠᠳᠯᠠᠬᠤ ᠤᠷᠤᠯᠳᠤᠭᠠᠨ᠂ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠤᠷ ᠲᠦᠪᠰᠢᠨ ᠤ ᠮᠡᠳᠡᠯᠭᠡ ᠶᠢ ᠨᠢᠭᠤᠷᠳᠠᠨ ᠲᠠᠶᠢᠯᠪᠤᠷᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠤᠷ᠎ᠠ ᠴᠢᠳᠠᠪᠤᠷᠢ ᠶᠢ ᠰᠤᠷᠭᠠᠵᠤ᠂ ᠣᠯᠠᠨ ᠨᠡᠶᠢᠲᠡ ᠳᠤ ᠬᠠᠨᠳᠤᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠬᠠᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ ᠪᠠ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠪᠠ ᠤᠷ᠎ᠠ ᠴᠢᠳᠠᠪᠤᠷᠢ ᠵᠡᠷᠭᠡ ᠶᠢ ᠤᠬᠠᠭᠤᠯᠪᠠ᠃ ᠡᠭᠦᠨ ᠤ ᠬᠠᠮᠲᠤ ︽ ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ︾ ᠭᠡᠬᠦ ᠤᠬᠠᠭᠤᠯᠭ᠎ᠠ ᠶᠢᠨ ᠹᠢᠯᠢᠮ ᠵᠢᠴᠢ ᠭᠠᠯ ᠤᠨ ᠠᠶᠤᠯ ᠤᠨ ᠠᠳᠡᠯ᠂ ᠴᠠᠬᠢᠯᠭᠠᠨ ᠳᠤ ᠴᠣᠬᠢᠭᠳᠠᠭᠰᠠᠨ ᠠᠳᠡᠯ᠂ ᠵᠠᠮ ᠬᠠᠷᠢᠯᠴᠠᠭᠠᠨ ᠤ ᠠᠳᠡᠯ᠂ ᠥᠨᠳᠥᠷ ᠭᠠᠵᠠᠷ ᠠᠴᠠ ᠤᠨᠠᠭᠰᠠᠨ ᠠᠳᠡᠯ ᠵᠡᠷᠭᠡ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ ᠦᠷᠭᠦᠯᠵᠢᠯᠡᠨ ᠨᠡᠪᠲᠡᠷᠡᠭᠦᠯᠵᠦ᠂ ᠬᠡᠷᠡᠭ ᠎ ᠤᠨ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠵᠤ᠂ ᠬᠡᠷᠡᠭ ᠤᠨ ᠵᠢᠱᠢᠶ᠎ᠡ ᠪᠠᠷ ᠬᠠᠤᠯᠢ ᠶᠢ ᠲᠦᠭᠡᠮᠡᠯᠵᠢᠭᠦᠯᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃      ᠠᠵᠢᠯᠯᠠᠭ᠎ᠠ ᠳᠤ ᠨᠡᠶᠢᠲᠡ 21000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ᠂ ᠭᠠᠷ ᠳᠡᠪᠲᠡᠷ᠂ ᠡᠪᠬᠡᠮᠡᠯ ᠬᠠᠭᠤᠳᠠᠰᠤ ᠂ ᠭᠠᠷ ᠳᠡᠪᠢᠭᠦᠷ᠂ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠸᠠᠩᠯᠢ ᠵᠢᠴᠢ ᠵᠢᠵᠢᠭ ᠰᠡᠩᠰᠡ᠂ ᠠᠯᠴᠢᠭᠤᠷ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠤ ᠠᠰᠠᠭᠤᠯᠲᠠ ᠶᠢ 100 ᠭᠠᠷᠤᠶ ᠬᠥᠮᠦᠨ ᠤᠳᠠᠭ᠎ᠠ ᠬᠠᠷᠢᠭᠤᠯᠵᠤ᠂ ᠮᠡᠳᠡᠯᠭᠡ ᠬᠥᠷᠲᠡᠭᠰᠡᠨ ᠤᠯᠡᠨ ᠲᠥᠮᠡᠨ 800 ᠭᠠᠷᠤᠶ ᠬᠥᠮᠦᠨ ᠳᠤ ᠬᠦᠷᠴᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠨ ᠬᠦᠨᠳᠦ ᠶᠡᠭᠡ ᠠᠳᠡᠯ ᠤᠨ ᠭᠡᠮ ᠰᠤᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠤᠬᠠᠭᠤᠯᠬᠤ ᠪᠠ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠥᠭᠰᠡᠨ ᠪᠠᠶᠢᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1