ᠮᠠᠨ ᠤ ᠣᠷᠣᠨ ᠤ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠭᠦᠢᠯᠭᠡᠭᠡᠨ ᠲᠠᠢ ᠪᠣᠯᠭᠠᠭᠰᠠᠨ ᠨᠣᠷᠮ᠎ᠠ 41.1%᠎ ᠳᠤ ᠬᠦᠷᠴᠦ 2023 ᠣᠨ ᠤ ᠡᠴᠦᠰ ᠠᠴᠠ ᠡᠮᠦᠨ᠎ᠡ ᠪᠦᠬᠦᠨ ᠢ ᠭᠦᠢᠯᠭᠡᠭᠡᠨ ᠲᠠᠢ ᠪᠣᠯᠭᠠᠨ᠎ᠠ
ᠨᠡᠶᠢᠲᠡᠯᠡᠭᠰᠡᠨ ᠴᠠᠭ᠄
2023/6/2
    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠪᠥᠬᠦ ᠣᠷᠣᠨ ᠤ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠤᠨ ᠡᠬᠡ ᠲᠠᠩᠰᠠ ᠳᠤ ᠣᠷᠣᠭᠤᠯᠤᠭᠰᠠᠨ ᠲᠥᠷᠥᠯ ᠵᠦᠢᠯ ᠠᠴᠠ ᠨᠢᠭᠡᠨᠲᠡ 159᠎ ᠶᠢ ᠭᠦᠢᠯᠭᠡᠭᠡᠨ ᠲᠠᠢ ᠪᠣᠯᠭᠠᠵᠤ᠂ ᠭᠦᠢᠯᠭᠡᠭᠡᠨ ᠲᠠᠢ ᠪᠣᠯᠭᠠᠭᠰᠠᠨ ᠨᠣᠷᠮ᠎ᠠ ᠨᠢ 41.1%᠎ ᠳᠤ ᠬᠥᠷᠪᠡ᠃    ᠮᠠᠨ ᠤ ᠣᠷᠣᠨ ᠤ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠭᠤᠣᠯᠳᠠᠭᠤ 2016 ᠣᠨ  ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ 5197 ᠲᠥᠷᠥᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠪᠣᠯᠣᠨ᠎ᠠ᠃ ᠡᠭᠦᠨ ᠳᠤ ᠨᠢᠭᠡᠨᠲᠡ ᠠᠵᠢᠯ ᠢᠶᠠᠨ ᠳᠠᠭᠤᠰᠬᠠᠭᠰᠠᠨ᠂ ᠪᠠᠶᠢᠭᠤᠯᠵᠤ ᠪᠠᠶᠢᠭ᠎ᠠ᠂ ᠠᠵᠢᠯ ᠢᠶᠠᠨ ᠡᠬᠢᠯᠡᠭᠦᠯᠦᠭᠡᠳᠦᠢ ᠲᠥᠷᠥᠯ ᠵᠦᠢᠯ ᠠᠴᠠ ᠭᠠᠳᠠᠨ᠎ᠠ᠂ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠤᠨ ᠡᠬᠡ ᠲᠠᠩᠰᠠ ᠶᠢ ᠪᠣᠶ ᠪᠣᠯᠭᠠᠵᠤ᠂ 387 ᠲᠥᠷᠥᠯ ᠵᠦᠢᠯ ᠢ ᠡᠬᠡ ᠳᠠᠩᠰᠠᠨ ᠳᠤ ᠣᠷᠣᠭᠤᠯᠵᠤ᠂ ᠲᠥᠯᠥᠪᠯᠡᠭᠰᠡᠨ ᠢᠶᠠᠷ 2023 ᠣᠨ ᠤ ᠡᠴᠦᠰ ᠠᠴᠠ ᠡᠮᠦᠨ᠎ᠡ ᠪᠦᠬᠦᠨ ᠢ ᠭᠦᠢᠯᠭᠡᠭᠡᠨ ᠲᠠᠢ ᠪᠣᠯᠭᠠᠨ᠎ᠠ᠃    ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠪᠣᠳᠠᠲᠤ ᠦᠷ᠎ᠡ ᠪᠦᠲᠦᠮᠵᠢ ᠣᠯᠬᠤ ᠶᠢᠨ ᠲᠥᠯᠥᠭᠡ᠂ ᠥᠪᠥᠷ ᠮᠣᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠦᠴᠦ ᠨᠢᠭᠡᠳᠬᠡᠨ ᠪᠡᠷᠬᠡ ᠰᠡᠳᠤᠪ ᠢ ᠰᠢᠢᠳᠪᠦᠷᠢᠯᠡᠵᠦ ᠪᠠᠶᠢᠨ᠎ᠠ᠃    ᠲᠤᠰᠬᠠᠢ ᠠᠩᠭᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠠᠬᠢᠴᠠ ᠶᠢ ᠴᠠᠭ ᠲᠤᠬᠠᠢ ᠳᠤ ᠨᠢ ᠲᠣᠬᠢᠷᠠᠭᠤᠯᠵᠤ᠂ ᠪᠥᠬᠦ ᠵᠥᠪᠯᠡᠯ ᠤᠨ ᠬᠦᠴᠦᠨ ᠢ ᠳᠠᠶᠢᠴᠢᠯᠠᠨ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠣᠷᠣᠯᠴᠠᠭᠤᠯᠵᠤ᠂ ᠠᠵᠢᠯᠲᠠᠨ ᠲᠠᠲᠠᠨ ᠰᠢᠯᠵᠢᠭᠦᠯᠵᠦ ᠲᠤᠰᠬᠠᠢ ᠠᠵᠢᠯ ᠤᠨ ᠳᠤᠭᠤᠶᠢᠯᠠᠩ ᠢ ᠪᠦᠷᠢᠯᠳᠦᠭᠦᠯᠪᠠ᠃    ᠰᠢᠢᠳᠪᠦᠷᠢᠯᠡᠪᠡᠰᠦ ᠵᠣᠬᠢᠰᠲᠠᠢ ᠶᠢ ᠨᠢ ᠪᠥᠬᠦᠨ ᠢ ᠰᠢᠢᠳᠪᠦᠷᠢᠯᠡᠵᠦ᠂ ᠡᠬᠡ ᠲᠡᠩᠰᠠ ᠪᠠᠶᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽︿ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ︽︿ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ ᠤᠨ ᠠᠵᠢᠯᠯᠠᠭᠠᠨ ᠤ ᠲᠥᠰᠥᠯ︾ ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ ᠢ ᠲᠦᠢᠯᠪᠤᠷᠢᠲᠠᠢ ᠰᠢᠢᠳᠪᠦᠷᠢᠯᠡᠵᠦ ᠳ᠋ᠤᠭᠠᠷ ᠢ ᠬᠠᠰᠤᠬᠤ ᠠᠵᠢᠯ ᠢ ᠲᠦᠷᠭᠡᠳᠬᠡᠬᠦ ᠲᠤᠬᠠᠢ ᠮᠡᠳᠡᠭᠳᠡᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠲᠤᠭᠤᠷᠪᠢᠭᠰᠠᠨ ᠪᠠ ᠳᠠᠷᠤᠮᠠᠯᠯᠠᠨ ᠲᠠᠷᠬᠠᠭᠠᠵᠦ᠂ ᠲᠦᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ᠂ ᠰᠢᠢᠳᠪᠦᠷᠢᠯᠡᠬᠦ ᠱᠠᠭᠠᠷᠳᠠᠯᠭ᠎ᠠ᠂ ᠳ᠋ᠤᠭᠠᠷ ᠢ ᠬᠠᠰᠤᠬᠤ ᠠᠵᠢᠯ ᠤᠨ ᠴᠤᠪᠤᠷᠠᠯ ᠵᠡᠷᠭᠡ ᠵᠦᠢᠯᠡᠰ ᠢ ᠲᠣᠳᠣᠷᠬᠠᠶᠢᠯᠠᠵᠤ᠂ ᠡᠯ᠎ᠡ ᠭᠠᠵᠠᠷ ᠤᠨ ᠲᠦᠷᠭᠡᠨ ᠰᠢᠢᠳᠪᠦᠷᠢᠯᠡᠬᠦ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃    ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠤᠨ ᠠᠵᠢᠯᠯᠠᠭ᠎ᠠ ᠶᠢᠨ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠳᠠᠷᠤᠭᠳᠠᠮᠠᠯ ᠪᠡᠯᠡ ᠮᠥᠩᠭᠦ᠂ ᠲᠦᠢᠯᠪᠤᠷᠢᠲᠠᠢ ᠰᠢᠢᠳᠪᠦᠷᠢᠯᠡᠵᠦ ᠪᠤᠴᠠᠭᠠᠨ ᠠᠪᠴᠢᠷᠠᠭᠰᠠᠨ ᠪᠡᠯᠡ ᠮᠥᠩᠭᠦ᠂ ᠲᠤᠰᠬᠠᠢ ᠵᠦᠢᠯ ᠤᠨ ᠥᠷᠢ ᠥᠭᠴᠡᠭᠡ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠢᠳᠡᠪᠬᠢᠲᠡᠢ ᠵᠣᠬᠢᠴᠠᠭᠤᠯᠵᠦ ᠪᠠᠶᠢᠭᠠᠳ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠭᠦᠢᠯᠭᠡᠭᠡᠨ ᠲᠠᠢ ᠪᠣᠯᠭᠠᠬᠤ ᠶᠢ ᠳᠡᠮᠵᠢᠪᠡ᠃    ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠶᠢᠨ ᠵᠢᠷᠤᠮ︾᠎ ᠢ ᠳᠠᠷᠤᠮᠠᠯᠯᠠᠨ ᠲᠠᠷᠬᠠᠭᠠᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠪᠠᠶᠢᠭᠤᠯᠵᠤ᠂ ᠲᠥᠷᠥᠯ ᠵᠦᠢᠯ ᠳᠤ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ ᠶᠢ ᠴᠢᠩᠭᠠᠷᠠᠭᠤᠯᠬᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠪᠠ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠰᠡᠷᠭᠡᠶᠢᠯᠡᠯᠲᠡ ᠶᠢ ᠪᠣᠳᠠᠲᠠᠢ ᠪᠠᠷ ᠠᠳᠬᠤᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ᠭᠦᠢᠴᠡᠳ ᠰᠤᠳᠤᠯᠤᠨ ᠨᠤᠲᠠᠯᠠᠬᠤ ᠶᠢ ᠪᠠᠲᠤᠯᠠᠵᠤ᠂ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠰᠢᠨ᠎ᠡ ᠪᠠᠷ ᠪᠣᠶ ᠪᠣᠯᠬᠤ ᠠᠴᠠ ᠵᠠᠶᠢᠯᠠᠰᠬᠢᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1