ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ | ᠪᠥᠬᠦ ᠣᠷᠣᠨ ᠤ 2023 ᠣᠨ ᠤ ᠭᠤᠣᠯᠳᠠᠯᠭ᠎ᠠ ᠲᠠᠢ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠬᠡᠷᠡᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2023 ᠣᠨ ᠳᠤ ᠠᠬᠢᠭᠤᠯᠤᠨ ᠬᠡᠷᠡᠭᠵᠢᠭᠦᠯᠬᠦ ᠪᠠᠷ ᠪᠠᠶᠢᠭ᠎ᠠ 2617 | ᠭᠤᠣᠯᠳᠠᠯᠭ᠎ᠠ ᠲᠠᠢ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ | ᠨᠡᠶᠢᠲᠡᠯᠡᠵᠦ᠂ ᠪᠥᠬᠦ ᠵᠢᠯ ᠳᠤ 4069.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠲᠥᠯᠥᠪᠯᠡᠵᠦ ᠪᠣᠶ᠃ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠠᠶᠢᠮᠠᠭ ᠬᠤᠲᠠ ᠲᠠᠢ ᠬᠠᠮᠲᠤᠷᠠᠨ ᠪᠥᠬᠦ ᠣᠷᠣᠨ ᠤ 2023 ᠣᠨ ᠳᠤ | ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠡᠮᠬᠢᠯᠡᠨ᠂ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠳᠠᠷᠤᠮᠠᠯᠯᠠᠨ ᠲᠠᠷᠬᠠᠭᠠᠭᠰᠠᠨ ᠤ ᠬᠠᠮᠲᠤ | ᠪᠣᠳᠠᠲᠠᠢ ᠱᠠᠭᠠᠷᠳᠠᠯᠭ᠎ᠠ ᠳᠤᠷᠠᠳᠪᠠ᠃ | ᠲᠥᠷᠥᠯ ᠵᠦᠢᠯ ᠤᠨ ᠲᠣᠳᠣᠷᠬᠠᠢ ᠬᠠᠭᠤᠳᠠᠰᠤ ᠳᠤ 2617 ᠭᠤᠣᠯᠳᠠᠯᠭ᠎ᠠ ᠲᠠᠢ ᠠᠷᠠᠳ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠪᠠᠭᠲᠠᠭᠠᠵᠤ᠂ ᠠᠵᠤ ᠦᠢᠯᠡᠰ ᠤᠨ ᠬᠥᠭᠵᠢᠯᠲᠡ᠂ ᠡᠨᠧᠷᠭᠢ᠂ ᠲᠠᠷᠢᠶᠠᠯᠠᠩ | ᠮᠠᠯ ᠠᠵᠤ ᠠᠬᠤᠢ ᠣᠶ ᠰᠢᠭᠤᠢ ᠡᠪᠡᠰᠦ ᠪᠡᠯᠴᠢᠭᠡᠷ ᠤᠰᠤ᠂ ᠪᠠᠷᠠᠭᠠᠨ ᠤ ᠭᠦᠢᠯᠭᠡᠭᠡ᠂ ᠨᠡᠶᠢᠭᠡᠮ ᠤᠨ ᠠᠵᠢᠯ ᠦᠢᠯᠡᠰ | ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠪᠠᠯᠭᠠᠰᠤ ︵ᠬᠦᠷᠢᠶᠡᠯᠡᠩ ᠲᠣᠭᠤᠷᠢᠭ | ᠪᠠᠭᠲᠠᠨ᠎ᠠ︶ ᠶᠢᠨ ᠰᠠᠭᠤᠷᠢ ᠪᠡᠯᠡᠳᠬᠡᠮᠵᠢ᠂ ᠵᠠᠮ ᠬᠠᠷᠢᠯᠴᠠᠭ᠎ᠠ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠢᠨᠵᠧᠨᠧᠷᠢᠩ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠵᠢᠴᠢ ᠭᠡᠷ ᠪᠠᠶᠢᠰᠢᠩ ᠭᠠᠵᠠᠷ | ᠬᠥᠷᠥᠩᠭᠡ ᠮᠡᠲᠦ ᠶᠢᠨ ᠨᠡᠶᠢᠲᠡ 11 ᠲᠥᠷᠥᠯ ᠵᠦᠢᠯ ᠢ ᠬᠠᠮᠤᠷᠴᠠᠢ᠃ ᠡᠲᠡᠭᠡᠷ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠬᠡᠷᠡᠭᠵᠢᠭᠦᠯᠬᠦ ᠨᠢ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ | ᠳᠤᠲᠠᠭᠤᠳᠠᠯ ᠢ ᠨᠥᠬᠦᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃ | ︽ᠮᠡᠳᠡᠭᠳᠡᠯ︾ ᠳᠤ᠂ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠦᠷᠭᠦᠯᠵᠢᠯᠡᠨ ᠪᠣᠢ | ᠪᠣᠯᠭᠠᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠠᠨᠢᠯᠴᠠᠭᠤᠯᠭ᠎ᠠ ᠶᠢ ᠦᠷᠭᠦᠯᠵᠢᠯᠡᠨ ᠴᠢᠩᠭᠠᠳᠬᠠᠬᠤ᠂ | ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ᠂ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ | ᠦᠷᠭᠦᠯᠵᠢᠯᠡᠨ ᠴᠢᠩᠭᠠᠳᠬᠠᠬᠤ ᠪᠠ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ | ᠪᠣᠶ ᠪᠣᠯᠭᠠᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠨ᠂ ᠨᠠᠩ ᠣᠯᠠᠨ ᠠᠷᠠᠳ ᠤᠨ ᠬᠥᠷᠥᠩᠭᠡ ᠶᠢ ᠵᠣᠷᠢᠭᠵᠢᠭᠤᠯᠤᠨ ᠲᠠᠲᠠᠵᠤ ᠪᠠᠶᠢᠭᠠᠳ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠥᠬᠦ ᠣᠷᠣᠨ ᠤ ᠠᠷᠠᠳ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠵᠦ ᠬᠡᠷᠡᠭᠵᠢᠭᠦᠯᠬᠦ ᠶᠢ ᠠᠬᠢᠭᠤᠯᠬᠤ | ᠬᠡᠷᠡᠭᠲᠡᠢ ᠭᠡᠵᠦ ᠳᠤᠷᠠᠳᠤᠨ ᠭᠠᠷᠭᠠᠪᠠ᠃ | ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠯ ᠳᠣᠣᠷ᠎ᠠ᠂ ᠡᠨᠡ ᠵᠢᠯ ᠤᠨ 1-2 ᠳ᠋ᠤᠭᠠᠷ ᠰᠠᠷ᠎ᠠ ᠳᠤ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 39.4% ᠪᠠᠷ ᠨᠡᠮᠡᠭᠳᠡᠪᠡ᠂ ᠡᠭᠦᠨ ᠳᠤ ᠠᠷᠠᠳ ᠤᠨ ᠪᠡᠯᠡ ᠣᠷᠣᠭᠤᠯᠤᠯᠲᠠ | 44.6% ᠪᠠᠷ ᠨᠡᠮᠡᠭᠳᠡᠵᠦ᠂ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ | ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | |