︽ᠶᠡᠷᠦᠩᠬᠡᠶᠢᠯᠡᠭᠰᠡᠨ ᠴᠣᠩᠬᠤᠪᠴᠢ︾᠎ ᠶᠢᠨ ᠥᠭᠡᠷᠡᠴᠢᠯᠡᠯᠲᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/6/2
    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠬᠢᠨ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷ ᠲᠦᠪᠡᠭ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠵᠦ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠪᠡ᠃    ᠵᠠᠮ ᠲᠡᠭᠡᠭᠡᠪᠦᠷᠢ ᠶᠢᠨ ᠠᠵᠢᠯ ᠲᠦᠷᠦᠯ ᠢ ᠡᠷᠬᠢᠯᠡᠵᠦ ᠪᠠᠶᠢᠭ᠎ᠠ ᠵᠠᠩ ᠵᠧᠨ ᠴᠢᠨ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠡᠵᠡᠩᠨᠡᠯᠲᠡ ᠶᠢᠨ ᠦᠨᠡᠮᠯᠡᠯ ᠢᠶᠠᠨ ᠭᠦᠢᠴᠡᠳᠬᠡᠬᠦ ᠪᠠᠷ ᠢᠷᠡᠵᠤ ᠂ ᠮᠥᠷᠯᠡᠨ  ᠳ᠋ᠤᠭᠠᠷᠯᠠᠬᠤ ᠠᠴᠠ ᠲᠤᠬᠠᠶᠢᠯᠠᠭᠰᠠᠨ ᠠᠵᠢᠯ ᠢᠶᠠᠨ ᠭᠥᠦᠶᠢᠴᠡᠳᠬᠡᠵᠦ ᠪᠠᠷᠠᠲᠠᠯ᠎ᠠ ᠲᠤᠰ ᠤᠳᠠᠭᠠᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠨᠢ ᠥᠩᠭᠡᠷᠡᠭᠰᠡᠨ ᠤ ᠬᠢ ᠲᠠᠢ ᠠᠳᠠᠯᠢᠳᠬᠠᠪᠠᠯ ᠮᠠᠰᠢ ᠠᠳᠠᠯᠢ ᠪᠤᠰᠤ ᠲᠥᠷᠥᠭᠳᠡᠯ ᠲᠠᠢ ᠪᠠᠶᠢᠨ᠎ᠠ ᠭᠡᠵᠦ ᠰᠡᠳᠬᠢᠯ ᠬᠠᠨᠤᠮᠵᠢᠲᠠᠢ ᠶᠠᠷᠢᠨ᠎ᠠ᠃ ︽ ᠥᠩᠭᠡᠷᠡᠭᠰᠡᠨ ᠳᠤ ᠲᠤᠬᠠᠶᠢᠯᠠᠭᠰᠠᠨ ᠠᠵᠢᠯ  ᠭᠥᠢᠴᠡᠳᠬᠡᠬᠦ ᠬᠥᠮᠥᠨ ᠨᠡᠯᠢᠶᠡᠳ ᠤᠯᠠᠨ ᠂ ᠮᠥᠷᠯᠡᠬᠦ ᠴᠠᠭ ᠨᠢ ᠨᠡᠯᠢᠶᠡᠳ ᠤᠷᠳᠤ ᠂ ᠤᠳᠤ ᠶᠢᠨ ᠬᠦᠯᠢᠶᠡᠬᠦ ᠴᠠᠭ ᠨᠢ ᠣᠨᠴᠠ ᠣᠬᠤᠷ ᠂ ᠠᠵᠢᠯ ᠭᠥᠢᠴᠡᠳᠬᠡᠬᠦ ᠨᠢ ᠴᠦ ᠣᠨᠴᠠ ᠲᠦᠷᠭᠡᠨ ᠂ ᠤᠭ ᠤᠨ ᠎ ᠠᠴᠠ  ᠪᠠᠨ ᠬᠤᠯᠠ ᠠᠮᠠᠷᠬᠠᠨ ᠪᠤᠯᠤᠯ᠎ᠠ︾ ᠭᠡᠵᠦ ᠵᠠᠩ ᠵᠧᠨ ᠴᠢᠨ ᠬᠡᠯᠡᠨ᠎ᠡ᠃    ︽ ᠶᠡᠷᠥᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ︾᠎ ᠶᠢ ᠥᠷᠨᠢᠭᠦᠯᠦᠭᠰᠡᠨ ᠠᠴᠠ ᠨᠠᠰᠢ᠂ 28 ᠰᠠᠯᠠᠭ᠎ᠠ ᠮᠥᠴᠢᠷ ᠤᠨ 930 ᠤᠴᠢᠷ ᠶᠠᠪᠤᠳᠠᠯ ᠢ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠵᠤ᠂ ᠰᠠᠯᠠᠭ᠎ᠠ ᠮᠥᠴᠢᠷ ᠤᠨ ᠲᠣᠰ ᠲᠣᠰ ᠎ ᠲᠤ ᠪᠠᠨ ᠭᠥᠯᠢᠶᠡᠨ ᠠᠪᠴᠤ ᠬᠢᠨᠠᠨ ᠰᠢᠢᠳᠪᠥᠷᠢᠯᠡᠬᠦ ᠠᠴᠠ ︽ ᠪᠦᠷᠢᠨ ᠰᠠᠯᠠᠭ᠎ᠠ︾᠎ ᠳᠤ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠯ᠎ᠠ ᠳᠤ ᠵᠡᠷᠭᠡ ᠪᠠᠷ ᠬᠢᠨᠠᠨ ᠵᠥᠪᠰᠢᠶᠡᠷᠡᠬᠦ ᠬᠤᠪᠢᠷᠠᠯᠲᠠ ᠶᠢ ᠪᠡᠶᠡᠯᠡᠭᠦᠯᠦᠭᠰᠡᠨ ᠪᠥᠭᠡᠳ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠵᠤ᠂ ᠨᠢᠭᠡ ᠯᠡ ᠴᠣᠩᠬᠤᠪᠴᠢ ᠶᠢ ᠡᠷᠢᠵᠤ᠂ ᠨᠢᠭᠡ ᠯᠡ ᠤᠳᠠᠭ᠎ᠠ ᠳᠤ ᠭᠦᠢᠴᠡᠳᠬᠡᠬᠦ︾ ᠬᠠᠷᠠᠯᠲᠠ ᠎ ᠶᠢ ᠦᠨᠡᠨ ᠬᠦ ᠪᠡᠶᠡᠯᠡᠭᠦᠯᠪᠡ᠃    ︽ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ︾᠎ ᠪᠠᠷ ᠳᠠᠮᠵᠢᠭᠤᠯᠤᠨ᠂ ᠥᠩᠭᠡᠷᠡᠭᠰᠡᠨ ᠤ ᠲᠤᠰᠬᠠᠢ ᠨᠢᠭᠡ ᠴᠣᠩᠬᠤᠪᠴᠢ ᠪᠠᠷ ᠰᠠᠯᠭᠠᠨ ᠬᠦᠯᠢᠶᠡᠨ ᠠᠪᠴᠤ ᠰᠢᠢᠳᠪᠦᠷᠢᠯᠡᠬᠦ ᠶᠢ ᠣᠯᠠᠨ ᠶᠡᠷᠦᠩᠬᠡᠶᠢᠯᠡᠭᠰᠡᠨ ᠴᠣᠩᠬᠤᠪᠴᠢ ᠪᠠᠷ ᠵᠡᠷᠭᠡ ᠪᠠᠷ ᠬᠦᠯᠢᠶᠡᠨ ᠠᠪᠴᠤ ᠰᠢᠢᠳᠪᠦᠷᠢᠯᠡᠬᠦ ᠪᠣᠯᠭᠠᠨ ᠬᠤᠪᠢᠷᠠᠭᠤᠯᠵᠤ᠂ ᠴᠣᠩᠬᠤᠪᠴᠢ ᠶᠢᠨ ᠲᠥᠷᠥᠯ ᠵᠦᠢᠯ ᠢ ᠪᠠᠭᠠᠰᠬᠠᠭᠰᠠᠨ ᠲᠡᠳᠦᠢ ᠦᠭᠡᠢ᠂ ᠴᠣᠩᠬᠤᠪᠴᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠭᠦᠨ ᠤ ᠬᠠᠮᠲᠤ ᠴᠣᠩᠬᠤᠪᠴᠢ ᠶᠢᠨ ᠦᠢᠯᠡᠴᠢᠯᠡᠭᠡᠨ ᠤ ᠠᠵᠢᠯᠲᠠᠳ ᠎ ᠲᠤ ᠪᠠᠰᠠ ᠠᠵᠢᠯ ᠤᠨ ᠠᠯᠬᠤᠮ ᠳᠠᠷᠠᠭ᠎ᠠ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠂ ᠦᠢᠯᠡᠴᠢᠯᠡᠭᠡᠨ ᠤ ᠶᠣᠰᠣ ᠵᠢᠷᠤᠮ ᠵᠡᠷᠭᠡ ᠪᠦᠬᠦ ᠲᠠᠯ᠎ᠠ ᠶᠢᠨ ᠪᠣᠯᠪᠠᠰᠤᠷᠠᠭᠤᠯᠤᠯ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠲᠤᠰᠬᠠᠶᠢᠵᠢᠭᠤᠯᠵᠤ ᠪᠠᠶᠢᠨ᠎ᠠ᠃ ᠡᠭᠦᠨ ᠠᠴᠠ ᠭᠠᠳᠠᠨ᠎ᠠ ᠶᠤᠸᠠᠨ ᠪᠦᠦ ᠱᠠᠨ ᠲᠣᠭᠤᠷᠢᠭ ᠬᠤᠲᠠ ᠶᠢᠨ ᠠᠷᠠᠳ ᠤᠨ ᠠᠵᠢᠯᠯᠠᠬᠤ ᠴᠠᠭ ᠲᠤ ︽ᠭᠦᠢᠴᠡᠳᠬᠡᠬᠦ ᠴᠢᠯᠦᠭᠡ ᠦᠭᠡᠢ︾᠂ ᠠᠮᠠᠷᠠᠯᠲᠠ ᠶᠢᠨ ᠴᠠᠭ ᠲᠤ ︽ᠭᠦᠢᠴᠡᠳᠬᠡᠬᠦ ᠭᠠᠵᠠᠷ ᠦᠭᠡᠢ︾᠂ ᠠᠵᠤ ᠠᠬᠤᠶᠢᠯᠠᠯ ᠪᠣᠯᠤᠨ ᠣᠯᠠᠨ ᠲᠦᠮᠡᠨ ︽ᠭᠦᠢᠴᠡᠳᠬᠡᠵᠦ ᠳᠠᠭᠤᠰᠬᠤ ᠎ ᠠᠴᠠ ᠡᠮᠦᠨ᠎ᠡ ᠪᠠᠰᠠ ᠨᠢᠭᠡ ᠤᠳᠠᠭ᠎ᠠ ᠭᠥᠶᠦᠬᠦ︾ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠠᠰᠠ ︽ᠥᠷᠯᠥᠭᠡ ᠦᠳᠡᠰᠢ ᠤᠶᠠᠨ ᠬᠠᠲᠠᠨ ᠢᠶᠠᠷ ᠭᠦᠢᠴᠡᠳᠬᠡᠬᠦ᠂ ᠦᠳᠡ ᠳᠤ ᠲᠠᠰᠤᠯᠳᠠᠭᠤᠯᠬᠤ ᠦᠭᠡᠢ᠂ ᠭᠠᠷᠠᠭ ᠤᠨ ᠰᠡᠭᠦᠯᠴᠢ ᠳᠤ ᠠᠮᠠᠷᠠᠬᠤ ᠦᠭᠡᠢ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠭᠠᠷᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠬᠠᠮᠤᠭ ᠰᠡᠭᠦᠯᠴᠢ ᠶᠢᠨ ᠨᠢᠭᠡ ᠤᠳᠠᠭᠠᠨ ᠤ ᠲᠤᠬᠠᠶᠢᠯᠠᠭᠰᠠᠨ ᠠᠵᠢᠯ ᠢᠶᠠᠨ ᠬᠢᠵᠦ ᠪᠠᠷᠠᠭᠰᠠᠨ ᠤ ᠳᠠᠷᠠᠭ᠎ᠠ ᠰᠠᠶ᠋ᠢ ᠠᠵᠢᠯ ᠠᠮᠠᠷᠠᠬᠤ︾ ᠦᠢᠯᠡᠴᠢᠯᠡᠭᠡᠨ ᠤ ᠠᠮᠠᠯᠠᠯᠲᠠ ᠶᠢ ᠥᠢᠯᠡᠳᠥᠯᠭᠡᠵᠢᠭᠦᠯᠵᠦ ᠪᠠᠶᠢᠨ᠎ᠠ᠃    ᠣᠶᠢᠯᠠᠭᠠᠭᠰᠠᠨ ᠢᠶᠠᠷ ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠶᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ ᠂ ᠥᠩᠭᠡᠷᠡᠭᠰᠡᠨ ᠤ ᠳᠡᠯᠭᠡᠭᠡ ᠮᠠᠶᠢᠮᠠᠢ ᠶᠢᠨ ᠬᠡᠯᠪᠡᠷᠢ ᠪᠠᠷ ᠭᠥᠯᠢᠶᠡᠨ ᠠᠪᠴᠤ ᠰᠢᠢᠳᠪᠦᠷᠢᠯᠡᠬᠦ ᠲᠠᠢ ᠬᠠᠷᠢᠴᠠᠭᠤᠯᠪᠠᠯ᠂ ᠣᠯᠠᠨ ᠲᠦᠮᠡᠨ ᠤ ᠤᠳᠠᠭᠠᠨ ᠬᠥᠯᠢᠶᠡᠬᠦ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠠᠵᠤ ᠠᠬᠤᠶᠢᠯᠠᠯ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠶᠠᠮᠠᠷᠪᠠ ᠨᠢᠭᠡᠨ ᠴᠣᠩᠬᠤᠪᠴᠢ ᠳᠤ ᠣᠴᠢᠪᠠᠯ ᠳᠠᠷᠤᠢ ᠶᠡᠷᠦᠩᠬᠡᠶᠢᠯᠡᠭᠰᠡᠨ ᠴᠣᠩᠬᠤᠨ ᠤ ᠪᠣᠶ ᠪᠦᠬᠦᠢ ᠤᠴᠢᠷ ᠶᠠᠪᠤᠳᠠᠯ ᠢ ᠭᠦᠢᠴᠡᠳᠬᠡᠵᠦ ᠪᠣᠯᠣᠨ᠎ᠠ ᠂ ᠡᠨᠡ ᠎ ᠨᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢᠨ ᠲᠦᠭᠵᠢᠷᠡᠯ᠂ ᠬᠦᠴᠢᠷ ᠠᠰᠠᠭᠤᠳᠠᠯ ᠢ ᠬᠥᠨᠳᠡᠯᠡᠨ ᠢᠶᠠᠷ ᠨᠠᠪᠲᠠᠷᠡᠭᠦᠯᠵᠦ᠂ ᠮᠥᠨ ᠴᠦ ᠶᠤᠸᠠᠨ ᠪᠦᠦ ᠱᠠᠨ ᠲᠣᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠤᠯᠠᠮ ᠨᠢᠭᠡ ᠠᠯᠬᠤᠮ ᠬᠦᠴᠦ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1