ᠪᠧᠢ ᠲᠠᠢ ᠽᠢ ᠲᠣᠰᠬᠤᠨ ᠲᠠᠷᠢᠶᠠᠴᠢᠨ ᠤ ᠰᠣᠶᠣᠯ ᠤᠷᠠᠯᠢᠭ ᠤᠨ ᠨᠠᠶᠢᠷ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/20
    6 ᠰᠠᠷ᠎ᠠ ᠶᠢᠨ 16 ᠎ ᠤ ᠡᠳᠦᠷ ᠂ ᠦ᠋ ᠵᠢᠶᠠ ᠪᠠᠯᠭᠠᠰᠤᠨ ᠤ ᠪᠧᠢ ᠲᠠᠢ ᠽᠢ ᠲᠣᠰᠬᠤᠨ ᠤ ᠲᠠᠷᠢᠶᠠᠴᠢᠨ ᠤ ᠰᠣᠶᠣᠯ ᠤᠷᠠᠯᠢᠭ ᠤᠨ ᠨᠠᠶᠢᠷ ᠡᠬᠢᠯᠡᠪᠡ ᠃
1_副本.jpg
       ᠵᠤᠨ ᠤ ᠦᠳᠡᠰᠢ ᠶᠢᠨ ᠰᠠᠯᠬᠢ ᠰᠡᠩᠭᠢᠨᠡᠵᠦ ᠂ ᠰᠡᠳᠬᠢᠯ ᠬᠥᠳᠡᠯᠭᠡᠮ᠎ᠡ ᠳᠠᠭᠤᠤ ᠬᠥᠭᠵᠢᠮ ᠤᠨ ᠳᠤᠮᠳᠠ ᠤᠷᠠᠯᠢᠭ ᠤᠨ ᠨᠠᠶᠢᠷ ᠎ ᠨᠢ ᠲᠣᠰᠬᠤᠨ ᠤ ᠠᠷᠠᠳ ᠤᠨ ᠥᠪᠡᠷ ᠢᠶᠠᠨ ᠵᠢᠯᠤᠭᠤᠳᠴᠤ ᠥᠪᠡᠷ ᠢᠶᠠᠨ ᠲᠣᠭᠯᠠᠭᠰᠠᠨ ᠠᠭᠤᠳᠠᠮ ᠲᠠᠯᠠᠪᠠᠢ ᠶᠢᠨ ᠪᠥᠵᠢᠭ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠳᠤᠮᠳᠠ ᠬᠥᠰᠢᠭᠡ ᠪᠠᠨ ᠰᠡᠬᠦᠵᠦ ᠂ ᠲᠣᠭᠯᠠᠯᠲᠠ ᠳᠤ ᠣᠷᠣᠯᠴᠠᠭᠰᠠᠨ ᠲᠣᠰᠬᠤᠨ ᠤ ᠠᠷᠠᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠪᠧᠢ ᠲᠠᠢ ᠽᠢ ᠲᠣᠰᠬᠤᠨ ᠤ ᠶᠠᠩᠭᠠᠷ ᠪᠥᠵᠢᠭ ᠤᠨ ᠠᠩᠭᠢ ᠶᠢᠨ ᠢᠳᠡᠷᠡᠭᠦᠨ ᠠᠯᠬᠤᠭ᠎ᠠ ᠪᠠᠷ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠠᠮᠢᠳᠤᠷᠠᠯ ᠤᠨ ᠡᠷᠡᠭᠦᠯ ᠪᠣᠯᠪᠠᠰᠤᠨ ᠂ ᠥᠭᠡᠳᠡᠷᠬᠡᠭ ᠢᠳᠡᠪᠬᠢᠲᠠᠢ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ ᠃ ᠡᠭᠦᠨ ᠤ ᠳᠠᠷᠠᠭᠠᠬᠢ ᠬᠤᠸᠠᠷ ᠫᠤᠤᠵᠢᠩ ᠤᠨ ᠲᠣᠭᠯᠠᠯᠲᠠ ᠂ ᠳᠠᠭᠤᠤ ᠪᠥᠵᠢᠭ ᠂ ᠬᠤᠶᠠᠷ ᠬᠥᠮᠥᠨ ᠤ ᠲᠣᠭᠯᠠᠯᠲᠠ ᠨᠢ ᠨᠡᠩ ᠴᠤ ᠪᠦᠬᠦ ᠲᠣᠰᠬᠤᠨ ᠤ ᠠᠬᠠᠰ ᠵᠠᠬᠠᠰ ᠨᠠᠶᠢᠵᠠ ᠨᠥᠬᠦᠳ ᠢ ᠨᠢᠭᠡ ᠯᠡ ᠳᠣᠣᠷ᠎ᠠ ᠨᠢᠭᠲᠠᠷᠠᠭᠤᠯᠵᠤ᠂ ᠬᠥᠷ ᠨᠠᠷᠭᠢᠶᠠᠨ ᠲᠠᠢ ᠲᠠᠷᠢᠶᠠᠴᠢᠨ ᠤ ᠰᠣᠶᠣᠯ ᠤᠨ ᠦᠪᠡᠳᠡᠭᠰᠢ ᠨᠠᠶᠢᠷ ᠢ ᠬᠠᠮᠲᠤ ᠪᠠᠷ ᠥᠩᠭᠡᠷᠡᠭᠦᠯᠪᠡ ᠃
2_副本.jpg
       ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠷᠢᠶᠠᠴᠢᠨ ᠤ ᠰᠣᠶᠣᠯ ᠤᠷᠠᠯᠢᠭ ᠤᠨ ᠨᠠᠶᠢᠷ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠣᠭᠯᠠᠯᠲᠠ ᠨᠢ ᠲᠠᠯᠠᠪᠠᠶ ᠶᠢᠨ ᠪᠥᠵᠢᠭ᠂ ᠬᠤᠶᠠᠷ ᠬᠥᠮᠥᠨ ᠤ ᠲᠣᠭᠯᠠᠯᠲᠠ᠂ ᠰᠢ ᠲᠠᠭᠤᠤᠷᠢᠯᠢᠬ ᠢᠶᠠᠷ ᠭᠤᠣᠯᠯᠠᠨ᠎ᠠ ᠃ ᠲᠠᠷᠢᠶᠠᠴᠢᠳ ᠤᠨ ᠰᠣᠶᠣᠯ ᠤᠷᠠᠯᠢᠭ ᠤᠨ ᠪᠠᠶᠠᠷ ᠢ ᠡᠷᠬᠢᠯᠡᠬᠦ ᠪᠠᠷ ᠳᠠᠮᠵᠢᠭᠤᠯᠤᠨ ᠂ ᠪᠧᠢ ᠲᠠᠢ ᠽᠢ ᠭᠠᠴᠠᠭᠠᠨ ᠤ ᠲᠠᠷᠢᠶᠠᠴᠢᠳ ᠤᠨ ᠡᠬᠡ ᠤᠯᠤᠰ ᠢᠶᠠᠨ ᠬᠠᠶᠢᠷᠠᠯᠠᠬᠤ ᠂ ᠠᠮᠢᠳᠤᠷᠠᠯ ᠢᠶᠠᠨ ᠬᠠᠶᠢᠷᠠᠯᠠᠬᠤ ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ ᠂ ᠤᠯᠠᠨ ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠂ ᠰᠢᠨ᠎ᠡ ᠬᠥᠳᠡᠭᠡ ᠲᠣᠰᠬᠤᠨ ᠤ ᠤᠯᠠᠨ ᠲᠦᠮᠡᠨ ᠤ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠂ ᠰᠣᠶᠣᠯ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1