ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/20
    6 ᠰᠠᠷ᠎ᠠ ᠶᠢᠨ 19᠎ ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠨ ᠶᠠᠨ ᠳ᠋ᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ︔ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ ᠃
1_副本.jpg
       ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠲᠠᠢ ᠪᠠᠨ ᠤᠶᠠᠯᠳᠤᠭᠤᠯᠵᠤ ᠂ ᠠᠵᠢᠯ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ ᠢᠳᠡᠪᠬᠢᠲᠡᠢ ᠪᠠᠷ ᠦᠭᠡ ᠬᠡᠯᠡᠪᠡ ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠨᠠᠷᠢᠨ ᠬᠢᠨᠠᠮᠠᠭᠠᠢ ᠰᠣᠨᠣᠰᠴᠤ ᠂ ᠨᠠᠷᠢᠨ ᠨᠢᠭᠲᠠ ᠲᠡᠮᠳᠡᠭᠯᠡᠬᠦ ᠶᠢᠨ ᠬᠠᠮᠲᠤ ᠵᠢᠯᠤᠭᠤᠳᠬᠤ ᠰᠠᠨᠠᠯ ᠢᠶᠠᠨ ᠳᠤᠷᠠᠳᠪᠠ ᠃ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠶᠤᠸᠠᠨ ᠪᠦᠦ ᠱᠠᠨ ᠲᠣᠭᠤᠷᠢᠭ ᠨᠢ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠷᠢᠨ ᠳᠤ ᠪᠠᠶᠢᠵᠤ ᠂ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ ᠂ ᠬᠥᠭᠵᠢᠯᠲᠡ ᠶᠢᠨ ᠴᠢᠭᠯᠡᠯ ᠢᠶᠠᠨ ᠣᠨᠣᠪᠴᠢᠲᠠᠢ ᠣᠯᠵᠤ ᠂ ᠠᠵᠤ ᠦᠢᠯᠡᠳᠪᠦᠷᠢ ᠶᠢᠨ ᠠᠵᠤ ᠠᠬᠤᠢ ᠶᠢ ᠶᠡᠬᠡᠪᠡᠷ ᠠᠳᠬᠤᠵᠤ ᠂ ᠠᠵᠤ ᠦᠢᠯᠡᠰ ᠤᠨ ᠬᠡᠯᠬᠢᠶ᠎ᠡ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ ᠂ ᠦᠷᠭᠦᠯᠵᠢᠯᠡᠨ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠬᠡᠷᠡᠭᠲᠡᠢ ᠃ ᠳᠤᠲᠠᠭᠤᠳᠠᠯ ᠢ ᠨᠥᠬᠦᠪᠦᠷᠢᠯᠡᠬᠦ ᠪᠠ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠳᠤᠷᠤᠢ ᠪᠠᠶᠢᠷᠢ ᠲᠠᠯ᠎ᠠ ᠪᠠᠨ ᠳᠠᠪᠠᠭᠤᠯᠢᠭ ᠲᠠᠯ᠎ᠠ ᠪᠣᠯᠭᠠᠵᠤ ᠂ ᠳᠠᠪᠠᠭᠤᠯᠢᠭ ᠲᠠᠯ᠎ᠠ ᠪᠠᠨ ᠢᠯᠠᠯᠲᠠ ᠶᠢᠨ ᠬᠠᠨᠳᠤᠰᠢ ᠪᠣᠯᠭᠠᠨ ᠬᠤᠪᠢᠷᠠᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠪᠠ ᠲᠥᠷᠥᠯ ᠵᠦᠢᠯ ᠢ ᠴᠢᠭᠯᠡᠭᠦᠯᠬᠦ ᠴᠢᠨᠠᠷᠲᠠᠢ ᠪᠠᠷ ᠣᠷᠣᠭᠤᠯᠤᠨ ᠠᠪᠴᠢᠷᠠᠵᠤ ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂ ᠠᠵᠤ ᠦᠢᠯᠡᠰ ᠤᠨ ᠲᠥᠪᠯᠡᠷᠡᠨ ᠡᠷᠴᠢᠮᠵᠢᠵᠦ ᠪᠥᠭᠡᠮᠨᠡᠷᠡᠨ ᠬᠥᠭᠵᠢᠬᠦ ᠶᠢ ᠠᠬᠢᠭᠤᠯᠵᠤ᠂ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠵᠠᠩ ᡁᠢ ᠸᠧᠢ ᠢᠯᠡᠷᠬᠡᠶᠢᠯᠡᠬᠦ ᠳᠡᠭᠡᠨ᠂ ᠶᠤᠸᠠᠨ ᠪᠦᠦ ᠱᠠᠨ ᠲᠣᠭᠤᠷᠢᠭ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠦᠷᠭᠦᠯᠵᠢᠯᠡᠨ ᠲᠦᠷᠭᠡᠳᠬᠡᠵᠦ᠂ ᠤᠷᠴᠢᠯᠵᠢᠭᠤᠯᠬᠤ᠂ ᠳᠡᠭᠡᠳᠦ ᠳᠡᠰ ᠤᠨ ᠪᠣᠯᠭᠠᠬᠤ᠂ ᠪᠣᠬᠢᠷᠲᠤᠯ ᠦᠭᠡᠢ ᠪᠣᠯᠭᠠᠬᠤ ᠎ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠤᠨ ᠦᠷ᠎ᠡ ᠠᠰᠢᠭ ᠢ ᠠᠬᠢᠭᠤᠯᠵᠤ᠂ ᠠᠵᠤ ᠦᠢᠯᠡᠰ ᠤᠨ ᠦᠷ᠎ᠡ ᠠᠰᠢᠭ ᠲᠤ ᠲᠦᠰᠢᠭᠯᠡᠨ ᠴᠢᠨᠠᠷ ᠰᠠᠶᠢᠲᠠᠢ ᠬᠥᠭᠵᠢᠯᠲᠡ ᠶᠢ ᠬᠤᠷᠠᠮᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠵᠦ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠬᠦᠴᠢᠷᠳᠡᠯ ᠲᠠᠢ ᠠᠰᠠᠭᠤᠳᠠᠯ ᠢ ᠨᠠᠷᠢᠯᠢᠭ ᠣᠨᠣᠴᠠᠲᠠᠢ ᠪᠠᠷ ᠰᠤᠳᠤᠯᠤᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠡᠢ᠃ᠬᠤᠷᠠᠯ ᠠᠴᠠ ᠡᠮᠦᠨ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠿᠥᠢ ᠶᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠂ ᠤᠯᠠᠭᠠᠨᠬᠠᠳᠠ ᠶᠢᠨ ᠶᠢᠨ ᠰᠢᠦᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠂ ᠶᠤᠸᠠᠨ ᠵᠢᠩ ᠳᠠᠩ ᠨᠡᠭᠦᠷᠡᠰᠦᠲᠥ᠋ᠷᠥᠭᠴᠢ ᠶᠢᠨ ᠮᠡᠷᠭᠡᠵᠢᠯ ︵ ᠤᠯᠠᠭᠠᠨᠬᠠᠳᠠ ︶᠎ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠯᠢ ᠠᠨ ᠯᠦᠩ ︵ ᠥᠪᠥᠷ ᠮᠣᠩᠭᠤᠯ ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1