ᠸᠠᠩ ᠵᠧᠨ ᠯᠢᠶᠠᠩ ᠰᠧ ᠳ᠋ᠤᠤ ᠵᠢᠩ ᠽᠢ ᠲᠣᠰᠬᠤᠨ ᠳᠤ ᠬᠦᠷᠴᠦ ︽ᠬᠤᠣᠰ ᠰᠤᠷᠪᠤᠯᠵᠢᠯᠠᠭ᠎ᠠ᠂ ᠬᠤᠣᠰ ᠠᠮᠠᠯᠠᠯᠲᠠ᠂ ᠬᠤᠣᠰ ᠥᠨᠡᠯᠡᠯᠲᠡ︾᠎ ᠶᠢ ᠬᠠᠪᠰᠤᠷᠤᠨ ᠪᠠᠶᠢᠭᠤᠯᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/20
    6 ᠰᠠᠷ᠎ᠠ ᠶᠢᠨ 19᠎ ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠶᠤᠸᠠᠨ ᠪᠦᠦ ᠱᠠᠨ ᠪᠠᠯᠭᠠᠰᠤᠨ ᠤ ᠰᠧ ᠳ᠋ᠤᠤ ᠵᠢᠩ ᠽᠢ ᠲᠣᠰᠬᠤᠨ ᠳᠤ ᠬᠦᠷᠴᠦ ︽ ᠬᠤᠣᠰ ᠰᠤᠷᠪᠤᠯᠵᠢᠯᠠᠭ᠎ᠠ ᠂ ᠬᠤᠣᠰ ᠠᠮᠠᠯᠠᠯᠲᠠ᠂ ᠬᠤᠣᠰ ᠥᠨᠡᠯᠡᠯᠲᠡ︾᠎ ᠶᠢ ᠬᠠᠪᠰᠤᠷᠤᠨ ᠪᠠᠶᠢᠭᠤᠯᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃    ᠰᠧ ᠳ᠋ᠤᠤ ᠵᠢᠩ ᠽᠢ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠵᠧᠨ ᠯᠢᠶᠠᠩ ᠲᠣᠰᠬᠤᠨ ᠤ ︽ᠬᠤᠶᠠᠷ ᠵᠥᠪᠯᠡᠯ︾᠎ ᠤᠨ ᠪᠠᠭ ᠤᠨ ᠪᠦᠷᠢᠯᠳᠦᠬᠦᠨ ᠵᠢᠴᠢ ᠲᠣᠰᠬᠤᠨ ᠳᠤ ᠰᠠᠭᠤᠭ᠎ᠠ ᠺᠠᠳ᠋ᠷᠴᠤᠳ ᠲᠠᠢ ᠶᠠᠷᠢᠯᠴᠠᠵᠤ᠂ ᠲᠤᠰ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠪᠰᠤᠷᠤᠨ ᠲᠡᠳᠬᠦᠬᠦ ᠬᠡᠯᠡᠯᠴᠡᠭᠡᠷ ᠤᠨ ᠵᠦᠢᠯᠡᠰ ᠤᠨ ᠲᠤᠬᠠᠢ ᠵᠥᠪᠳᠡᠯᠴᠡᠪᠡ᠃
1_副本.jpg
        ᠸᠠᠩ ᠵᠧᠨ ᠯᠢᠶᠠᠩ᠂ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠢ ᠵᠦᠶ ᠵᠣᠬᠢᠰᠲᠠᠶ ᠲᠥᠯᠥᠪᠵᠢᠭᠦᠯᠦᠨ ᠪᠠᠶᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ︽ ᠰᠠᠶᠢᠵᠢᠷᠠᠭᠤᠯᠬᠤ︾᠂ ᠠᠵᠤ ᠦᠢᠯᠡᠰ ᠤᠨ ᠬᠥᠭᠵᠢᠯᠲᠡ ᠶᠢ ︽ᠬᠦᠴᠦᠷᠬᠡᠭᠵᠢᠭᠦᠯᠬᠦ︾᠂ ᠲᠠᠷᠢᠶᠠᠴᠢᠳ ᠤᠨ ᠠᠮᠢᠳᠤᠷᠠᠯ ᠢ ︽ᠬᠥᠭᠵᠢᠭᠦᠯᠬᠦ︾ ᠬᠡᠷᠡᠭᠲᠡᠶ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠰᠠᠭᠤᠷᠢᠯᠠᠵᠤ ᠂ ᠬᠠᠪᠰᠤᠷᠤᠨ ᠪᠠᠶᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠣᠰᠬᠤᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠲᠠᠷᠠᠭ᠎ᠠ ᠨᠢ ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠡᠭᠦᠷ᠂ ᠶᠤᠸᠠᠨ ᠪᠦᠦ ᠱᠠᠨ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠰᠧ ᠳ᠋ᠤᠤ ᠵᠢᠩ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠬᠠᠮᠲᠤᠪᠠᠷ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ︽ ᠬᠤᠣᠰ ᠰᠤᠷᠪᠤᠯᠵᠢᠯᠠᠭ᠎ᠠ᠂ ᠬᠤᠣᠰ ᠠᠮᠠᠯᠠᠯᠲᠠ᠂ ᠬᠤᠣᠰ ᠥᠨᠡᠯᠡᠯᠲᠡ︾ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢᠨ ᠬᠠᠪᠰᠤᠷᠤᠨ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1