︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/22
    ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ᠂ ᠲᠣᠭᠲᠠᠭᠠᠭᠰᠠᠨ ᠠᠬᠤᠢ ᠪᠠᠶᠢᠳᠠᠯ    ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠡᠧᠯ ᠨᠢᠨᠤ᠋ ᠎ ᠶᠢᠨ ᠨᠥᠬᠦᠴᠡᠯ ᠡᠳᠦᠷ ᠢᠷᠡᠬᠦᠶ᠎ᠡ ᠪᠥᠷᠢᠯᠳᠥᠵᠦ᠂ ᠣᠨᠴᠠᠭᠠᠶ ᠠᠭᠤᠷ ᠠᠮᠢᠰᠬᠤᠯ ᠪᠠᠶᠢᠨ ᠳᠠᠬᠢᠨ ᠡᠭᠦᠰᠴᠦ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠤᠯᠠᠮ ᠬᠡᠴᠡᠭᠦᠳᠡᠵᠦ᠂ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠬᠠᠷᠰᠢᠯᠠᠨ᠂ ᠨᠡᠶᠢᠭᠡᠮ ᠤᠨ ᠡᠮᠬᠢ ᠳᠢᠭᠯᠢᠮ ᠢ ᠡᠪᠳᠡᠵᠦ᠂ ᠡᠭᠦᠨ ᠤ ᠬᠠᠮᠲᠤ ᠶᠡᠭᠡ ᠬᠡᠮᠵᠢᠶᠡᠨ ᠤ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠠᠪᠤᠳᠠᠯ ᠡᠭᠦᠰᠭᠡᠵᠦ ᠪᠠᠶᠢᠨ᠎ᠠ᠂ ᠴᠠᠭ ᠠᠭᠤᠷ ᠤᠨ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠭᠦᠢᠴᠡᠳ ᠳᠡᠭᠡᠭᠰᠢᠯᠡᠭᠦᠯᠵᠦ᠂ ︽ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠤᠨ ᠲᠥᠷᠥᠯ ᠢ ᠠᠷᠭᠠᠴᠠᠭᠠᠵᠤ ᠪᠠᠶᠢᠭᠰᠠᠨ ᠠᠴᠠ ᠪᠠᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠪᠠᠨ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ︾᠎ ᠶᠢ ᠴᠢᠷᠮᠠᠶᠢᠨ ᠪᠡᠶᠡᠯᠡᠭᠦᠯᠵᠦ᠂ ︽ᠤᠯᠠᠭᠠᠨᠬᠠᠳᠠ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2023 ᠣᠨ ᠤ ᠬᠡᠪ︶︾᠎ ᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠎ ᠠᠴᠠ ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠭᠡᠵᠦ ᠲᠣᠪᠴᠢᠯᠠᠨ᠎ᠠ︶᠎ ᠢ ᠰᠤᠳᠤᠯᠤᠨ ᠲᠤᠭᠤᠷᠪᠢᠪᠠ᠃    ᠬᠤᠶᠠᠷ ᠂ ᠬᠡᠷᠡᠭᠯᠡᠬᠦ ᠬᠡᠪᠴᠢᠶ᠎ᠡ    ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠬᠡᠪᠴᠢᠶᠡᠨ ᠳᠤ ᠡᠭᠦᠰᠦᠭᠰᠡᠨ ᠴᠠᠭ ᠠᠭᠤᠷ ᠤᠨ ᠭᠠᠩ ᠬᠠᠭᠰᠠᠷᠭᠠᠨ ᠂ ᠶᠡᠭᠡ ᠰᠠᠯᠬᠢ ᠂ ᠡᠯᠡᠰᠦᠨ ᠰᠢᠭᠤᠷᠭ᠎ᠠ ᠂ ᠬᠦᠢᠲᠡᠨ ᠤᠷᠤᠰᠬᠠᠯ ᠂ ᠰᠢᠷᠦᠭᠦᠨ ᠪᠣᠷᠣᠭᠠᠨ ᠂ ᠰᠢᠷᠦᠭᠦᠨ ᠴᠠᠰᠤ ᠂ ᠬᠢᠷᠠᠭᠤ ᠬᠥᠯᠳᠡᠭᠦᠦ ᠂ ᠥᠨᠳᠥᠷ ᠳᠤᠯᠠᠭᠠᠨ ᠂ ᠶᠡᠭᠡ ᠮᠠᠨᠠᠨ ᠵᠡᠷᠭᠡ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠭᠠᠬᠤ ᠳᠤ ᠬᠡᠷᠡᠭᠯᠡᠨ᠎ᠡ ᠃    ᠴᠠᠭ ᠠᠭᠤᠷ ᠤᠨ ᠬᠦᠴᠦᠨ ᠵᠦᠢᠯ ᠠᠴᠠ ᠪᠣᠯᠤᠭᠰᠠᠨ ᠤᠰᠤ ᠭᠠᠩ ᠤᠨ ᠭᠠᠮᠰᠢᠭ᠂ ᠭᠠᠵᠠᠷ ᠤᠨ ᠭᠠᠮᠰᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠬᠦᠨᠳᠦ ᠪᠣᠬᠢᠷᠲᠤᠯ ᠲᠠᠢ ᠴᠠᠭ ᠠᠭᠤᠷ ᠵᠡᠷᠭᠡ ᠪᠤᠰᠤᠳ ᠭᠠᠮᠰᠢᠭ ᠢ ᠰᠢᠢᠳᠪᠦᠷᠢᠯᠡᠬᠦ ᠳᠤ ᠬᠠᠮᠢᠶ᠎ᠠ ᠪᠦᠬᠦᠢ ᠲᠣᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠲᠥᠰᠥᠯ ᠤᠨ ᠲᠣᠭᠲᠠᠭᠠᠯ ᠢ ᠬᠡᠷᠡᠭᠯᠡᠨ᠎ᠡ᠃    ᠵᠠᠰᠠᠭ ᠵᠠᠬᠢᠷᠭᠠᠨ ᠤ ᠣᠷᠣᠨ ᠬᠡᠪᠴᠢᠶ᠎ᠡ ᠠᠯᠤᠰᠯᠠᠭᠰᠠᠨ ᠪᠤᠶᠤ ᠲᠣᠰ  ᠲᠣᠭᠤᠷᠢᠭ ᠤᠨ ᠰᠢᠢᠳᠪᠦᠷᠢᠯᠡᠬᠦ ᠴᠢᠳᠠᠪᠤᠷᠢ ᠠᠴᠠ ᠳᠠᠪᠠᠭᠰᠠᠨ ᠪᠠᠶᠢᠪᠠᠯ᠂ ᠳᠡᠭᠡᠳᠦ ᠱᠠᠲᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠦᠨᠳᠦᠰᠦᠯᠡᠨ ᠰᠢᠢᠳᠪᠦᠷᠢᠯᠡᠨ᠎ᠡ᠃    ᠭᠤᠷᠪᠠ᠂ ᠠᠵᠢᠯ ᠤᠨ ᠵᠠᠷᠴᠢᠮ    ᠬᠥᠮᠥᠨ ᠢᠶᠠᠷ ᠦᠨᠳᠦᠰᠦ ᠪᠣᠯᠭᠠᠵᠤ ᠂ ᠬᠤᠣᠷ ᠬᠥᠨᠥᠭᠡᠯ ᠢ ᠪᠠᠭᠠᠰᠬᠠᠨ᠎ᠠ ᠃    ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ᠃    ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ᠂ ᠵᠣᠬᠢᠴᠠᠩᠭᠤᠢ ᠪᠥᠭᠡᠳ ᠡᠮᠬᠢ ᠵᠢᠷᠤᠮ ᠎ ᠲᠠᠢ᠃    ᠱᠠᠲᠤ ᠬᠤᠪᠢᠶᠠᠨ ᠬᠠᠮᠢᠶᠠᠷᠴᠤ ᠂ ᠬᠠᠷᠢᠶ᠎ᠠ ᠭᠠᠵᠠᠷ ᠢᠶᠠᠷ ᠭᠤᠣᠯ ᠪᠣᠯᠭᠠᠨ᠎ᠠ ᠃    ᠳᠥᠷᠪᠡ᠂ ᠭᠤᠣᠯ ᠠᠭᠤᠯᠭ᠎ᠠ    ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾᠎ ᠢ ᠶᠡᠷᠦᠩᠬᠡᠢ ᠳᠦᠷᠢᠮ ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠵᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠢᠨᠠᠨ ᠬᠡᠮᠵᠢᠵᠦ ᠬᠠᠮᠢᠶᠠᠷᠬᠤ᠂ ᠳᠠᠭᠠᠯᠳᠤᠭᠤᠯᠤᠭᠰᠠᠨ ᠳᠦᠷᠢᠮ ᠵᠡᠷᠭᠡ ᠨᠠᠢᠮᠠᠨ ᠬᠡᠰᠡᠭ ᠬᠤᠪᠢᠶᠠᠨ᠎ᠠ᠃    ᠶᠡᠷᠦᠩᠬᠡᠢ ᠳᠦᠷᠢᠮ ᠤᠨ ᠬᠡᠰᠡᠭ ᠲᠤ ᠨᠠᠶᠢᠷᠠᠭᠤᠯᠤᠨ ᠲᠤᠭᠤᠷᠪᠢᠭᠰᠠᠨ ᠵᠣᠷᠢᠯᠭ᠎ᠠ ᠂ ᠨᠠᠶᠢᠷᠠᠭᠤᠯᠤᠭᠰᠠᠨ ᠦᠨᠳᠦᠰᠦᠯᠡᠯ ᠂ ᠬᠡᠷᠡᠭᠯᠡᠬᠦ ᠬᠡᠪᠴᠢᠶ᠎ᠡ ᠂ ᠠᠵᠢᠯ ᠤᠨ ᠵᠠᠷᠴᠢᠮ ᠪᠠ ᠠᠵᠢᠯ ᠤᠨ ᠲᠣᠭᠲᠠᠴᠠ ᠶᠢ ᠲᠣᠳᠣᠷᠬᠠᠶᠢᠯᠠᠪᠠ ᠃    ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ ᠶᠢᠨ ᠬᠡᠰᠡᠭ ᠲᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮ᠂ ᠵᠢᠯᠤᠭᠤᠳᠬᠤ ᠭᠠᠵᠠᠷ ᠤᠨ ᠠᠯᠪᠠᠨ ᠭᠡᠷ᠂ ᠵᠢᠯᠤᠭᠤᠳᠬᠤ ᠭᠠᠵᠠᠷ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠵᠢᠯᠤᠭᠤᠳᠬᠤ ᠭᠠᠵᠠᠷ ᠤᠨ ᠲᠤᠰᠢᠶᠠᠯ ᠬᠠᠷᠢᠭᠤᠴᠠᠯᠭ᠎ᠠ᠂ ᠦᠨᠳᠦᠰᠦᠨ ᠱᠠᠲᠤᠨ ᠤ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢ ᠵᠣᠯᠭᠠᠭᠤᠯᠬᠤ ᠲᠣᠭᠲᠠᠴᠠ ᠶᠢ ᠲᠣᠳᠣᠷᠬᠠᠶᠢᠯᠠᠪᠠ᠃    ᠤᠷᠢᠳᠴᠢᠯᠠᠨ ᠰᠡᠷᠭᠡᠶᠢᠯᠡᠵᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠡᠰᠡᠭ ᠲᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠂ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠥᠯ ᠢ ᠨᠡᠶᠢᠲᠡᠯᠡᠬᠦ ᠪᠠ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠡᠯᠡᠳᠬᠡᠯ ᠪᠠᠭᠲᠠᠨ᠎ᠠ ᠃    ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠰᠡᠭ ᠲᠤ ᠮᠡᠳᠡᠭᠡ ᠵᠠᠩᠭᠢ ᠶᠢ ᠮᠡᠳᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ  ᠬᠥᠳᠡᠯᠥᠯᠴᠡᠯ ᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠴᠤᠪᠤᠷᠠᠯ ᠂ ᠰᠠᠯᠠᠭ᠎ᠠ ᠮᠥᠴᠢᠷ ᠬᠤᠪᠢᠶᠠᠨ ᠬᠥᠳᠡᠯᠥᠯᠴᠡᠬᠦ᠂ ᠭᠠᠮᠰᠢᠭ ᠤᠨ ᠲᠥᠷᠥᠯ ᠬᠤᠪᠢᠶᠠᠨ ᠬᠥᠳᠡᠯᠥᠯᠴᠡᠬᠦ ᠂ ᠲᠤᠬᠠᠢ ᠶᠢᠨ ᠲᠠᠯᠠᠪᠤᠷ ᠎ ᠲᠤᠨᠢ  ᠰᠢᠢᠳᠪᠥᠷᠢᠯᠡᠬᠦ ᠂ ᠨᠡᠶᠢᠭᠡᠮ ᠤᠨ ᠳᠠᠶᠢᠴᠢᠯᠠᠯᠲᠠ᠂ ᠬᠥᠳᠡᠯᠥᠯᠴᠡᠯ ᠢ ᠲᠡᠭᠦᠰᠬᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠬᠥᠳᠡᠯᠥᠯᠴᠡᠯ ᠤᠨ ᠮᠡᠳᠡᠭᠡ ᠵᠠᠩᠭᠢ ᠶᠢ ᠨᠡᠶᠢᠲᠡᠯᠡᠬᠦ ᠶᠢ ᠲᠣᠳᠤᠷᠬᠠᠶᠢᠯᠠᠪᠠ ᠃    ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ ᠬᠡᠰᠡᠭ ᠲᠤ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠪᠠᠶᠢᠴᠠᠭᠠᠨ ᠦᠨᠡᠯᠡᠬᠦ᠂ ᠭᠠᠢ ᠭᠠᠮᠰᠢᠭ ᠤᠨ ᠳᠠᠭᠠᠳᠬᠠᠯ᠂ ᠳ᠋ᠦᠩᠨᠡᠨ ᠵᠠᠳᠠᠯᠬᠤ ᠵᠡᠷᠭᠡ ᠪᠠᠭᠲᠠᠨ᠎ᠠ᠃    ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠡᠰᠡᠭ ᠲᠤ ᠬᠥᠮᠥᠨ ᠤ ᠬᠦᠴᠦᠨ᠂ ᠪᠡᠯᠡ ᠮᠥᠩᠭᠦ᠂ ᠡᠳ᠋ ᠪᠣᠳᠠᠰ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠲᠠᠯᠠᠪᠤᠷ ᠢ ᠲᠣᠳᠤᠷᠬᠠᠶᠢᠯᠠᠪᠠ᠃    ᠬᠢᠨᠠᠯᠲᠠ ᠬᠠᠮᠢᠶᠠᠷᠤᠯᠲᠠ ᠶᠢᠨ ᠬᠡᠰᠡᠭ ᠲᠤ ᠪᠡᠯᠡᠳᠬᠡᠯ ᠲᠥᠰᠥᠯ ᠤᠨ ᠰᠣᠷᠢᠯᠲᠠ᠂ ᠤᠬᠠᠭᠤᠯᠭ᠎ᠠ ᠪᠣᠯᠪᠠᠰᠤᠷᠠᠭᠤᠯᠤᠯ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠪᠡᠯᠡᠳᠬᠡᠯ ᠲᠥᠰᠥᠯ ᠤᠨ ᠬᠠᠮᠢᠶᠠᠷᠤᠯᠲᠠ ᠬᠢᠭᠡᠳ ᠰᠢᠨᠡᠴᠢᠯᠡᠯᠲᠡ ᠵᠡᠷᠭᠡ ᠪᠠᠭᠲᠠᠨ᠎ᠠ᠃    ᠳᠠᠭᠠᠯᠳᠤᠭᠤᠯᠤᠭᠰᠠᠨ ᠳᠦᠷᠢᠮ ᠤᠨ ᠬᠡᠰᠡᠭ ᠲᠤ ︽ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾᠎ ᠳᠠᠬᠢ ᠬᠠᠷᠠᠭᠠᠯᠵᠠᠭᠰᠠᠨ ᠨᠡᠷ᠎ᠡ ᠲᠣᠮᠢᠶ᠎ᠠ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠥᠳᠡᠯᠥᠯᠴᠡᠯ ᠢ ᠡᠬᠢᠯᠡᠭᠦᠯᠬᠦ ᠪᠠᠷᠢᠮᠵᠢᠶ᠎ᠠ᠂ ᠭᠠᠮᠰᠢᠭ ᠤᠨ ᠲᠥᠷᠥᠯ ᠵᠦᠢᠯ ᠬᠤᠪᠢᠶᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃    ᠲᠠᠶᠢᠯᠤᠮᠵᠢ ᠬᠢᠭᠰᠡᠨ ᠨᠢᠭᠡᠴᠢ᠄ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1