ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠤᠨ 2023 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 55.07 ᠳ᠋ᠦᠩᠰᠢᠭᠤᠷ ᠲᠥᠭᠦᠷᠢᠭ ᠪᠠᠭᠤᠯᠭᠠᠵᠤ ᠪᠥᠬᠦ ᠣᠷᠣᠨ ᠤ 160 ᠭᠠᠷᠤᠢ ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/6/27
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ 7.99 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠲᠣᠰᠪᠠ᠂ ᠡᠭᠦᠨ ᠤ ᠳᠡᠭᠡᠷ᠎ᠡ ᠨᠢᠭᠡᠨᠲᠡ ᠤᠷᠢᠳᠴᠢᠯᠠᠨ ᠪᠠᠭᠤᠯᠭᠠᠭᠰᠠᠨ 47.08 ᠳ᠋ᠦᠩᠰᠢᠭᠤᠷ ᠲᠥᠭᠦᠷᠢᠭ ᠢ ᠨᠡᠮᠡᠪᠡᠯ᠂ 2023 ᠣᠨ ᠳᠤ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 55.07 ᠳ᠋ᠦᠩᠰᠢᠭᠤᠷ ᠲᠥᠭᠦᠷᠢᠭ ᠪᠠᠭᠤᠯᠭᠠᠵᠤ᠂ 2022 ᠣᠨ ᠤ ᠬᠢ ᠠᠴᠠ 2.75 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 5.25%᠎ ᠳᠤ ᠬᠦᠷᠴᠡᠢ︔ 2021 ᠣᠨ ᠤ ᠬᠢ ᠠᠴᠠ 8.13 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 17.3%᠎ ᠳᠤ ᠬᠦᠷᠪᠡ᠃    ᠲᠥᠪ ᠤᠨ ᠡᠳ᠋ ᠤᠨ ᠵᠠᠰᠠᠭ ᠠᠴᠠ ᠪᠡᠯᠡ ᠮᠥᠩᠭᠦ ᠶᠢ ︽ᠢᠯᠡᠭᠦᠦ ᠨᠥᠬᠦᠪᠦᠷᠢᠯᠡᠭᠰᠡᠨ︾᠎ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢᠭᠲᠠ ᠬᠠᠮᠵᠢᠯᠴᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠠᠳᠬᠤᠵᠤ᠂ ᠪᠡᠯᠡ ᠮᠥᠩᠭᠦ ᠶᠢ ︽ᠰᠠᠶᠢᠲᠤᠷ ᠬᠡᠷᠡᠭᠯᠡᠬᠦ︾᠎ ᠶᠢ ᠦᠨᠡᠨ ᠬᠦ ᠪᠠᠲᠤᠯᠠᠪᠠ — ᠲᠥᠰᠥᠪ ᠤᠨ ᠭᠦᠢᠴᠡᠳᠬᠡᠯ ᠳᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠣᠰᠣᠭᠠᠷ ᠂ ᠡᠯ᠎ᠡ ᠠᠶᠢᠮᠠᠭ ᠬᠤᠲᠠ ᠳᠤ ᠴᠠᠭ ᠲᠤᠬᠠᠢ ᠳᠤ ᠨᠢ ᠰᠡᠵᠢᠭ ᠲᠠᠢ ᠮᠡᠳᠡᠭᠡ ᠵᠠᠩᠭᠢ ᠶᠢ ᠰᠡᠷᠡᠮᠵᠢᠯᠡᠭᠦᠯᠦᠨ ᠲᠠᠷᠬᠠᠭᠠᠵᠤ᠂ ᠲᠦᠷᠭᠡᠨ ᠰᠡᠷᠡᠮᠵᠢᠯᠡᠭᠦᠯᠬᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠪᠠᠷ ᠳᠠᠮᠵᠢᠭᠤᠯᠤᠨ ᠪᠡᠯᠡ ᠮᠥᠩᠭᠦ ᠶᠢᠨ ︽ᠪᠦᠷᠢᠯᠭᠡᠨ ᠰᠦᠢᠳᠬᠡᠭᠳᠡᠬᠦ︾᠎ ᠶᠢ ᠴᠢᠷᠮᠠᠶᠢᠨ ᠰᠡᠷᠭᠡᠶᠢᠯᠡᠵᠦ᠂ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠡᠢ︔ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠵᠤ᠂ ︽ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ︾᠎ ᠶᠢᠨ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠳᠣ ᠬᠤᠭᠤᠴᠠᠭ᠎ᠠ ᠪᠠᠷ ᠬᠤᠯᠪᠤᠭᠠᠯᠠᠵᠤ ᠬᠢᠨᠠᠨ ᠬᠠᠮᠢᠶᠠᠷᠬᠤ ᠵᠦᠢᠯᠡᠰ ᠲᠤ ᠵᠢᠭᠰᠠᠭᠠᠨ ᠣᠷᠣᠭᠤᠯᠵᠤ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠪᠡᠯᠡ ᠮᠥᠩᠭᠦ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠰᠬᠠᠢ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢᠨ ︽ᠵᠠᠩᠭᠢᠯᠠᠭ᠎ᠠ︾᠎ ᠶᠢ ᠠᠳᠬᠤᠨ᠂ ᠪᠡᠯᠡ ᠮᠥᠩᠭᠦ ᠨᠢᠭᠡᠪᠦᠷᠢ ᠶᠢᠨ ᠪᠣᠳᠠᠲᠠᠢ ᠵᠠᠷᠤᠴᠠᠭᠤᠯᠤᠭᠰᠠᠨ ᠴᠠᠭ ᠤᠨ ᠴᠡᠭ ᠪᠠᠶᠢᠷᠷ ᠤᠨ ᠲᠠᠯ᠎ᠠ ᠪᠠᠷ᠂ ᠪᠡᠯᠡ ᠮᠥᠩᠭᠦᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠴᠠ ᠦᠷ᠎ᠡ ᠠᠰᠢᠭ ᠣᠯᠣᠭᠰᠠᠨ ᠪᠠᠶᠢᠨ᠎ᠠ᠃ 2023 ᠣᠨ ᠳᠤ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠤᠷᠢᠳᠴᠢᠯᠠᠨ 47.08 ᠳ᠋ᠦᠩᠰᠢᠭᠤᠷ ᠲᠥᠭᠦᠷᠢᠭ ᠪᠠᠭᠤᠯᠭᠠᠨ᠂ 5 ᠳ᠋ᠤᠭᠠᠷ ᠰᠠᠷ᠎ᠠ ᠶᠢᠨ 11᠎ ᠤ ᠡᠳᠦᠷ ᠪᠣᠯᠲᠠᠯ᠎ᠠ ᠨᠢᠭᠡᠨᠲᠡ 41%᠎ ᠶᠢ ᠵᠠᠷᠤᠭᠠᠳ᠂ ᠰᠢᠭᠤᠳ ᠪᠠᠭᠤᠯᠭᠠᠭᠰᠠᠨ ᠪᠥᠬᠦ ᠪᠡᠯᠡ ᠮᠥᠩᠭᠦ ᠶᠢᠨ ᠳᠣᠲᠣᠷᠠᠬᠢ ᠵᠠᠷᠤᠯᠭ᠎ᠠ ᠶᠢᠨ ᠠᠬᠢᠴᠠ ᠨᠢ ᠡᠮᠦᠨᠡᠭᠦᠷ ᠵᠢᠭᠰᠠᠭᠠᠭᠳᠠᠪᠠ᠃    ᠪᠡᠯᠡ ᠮᠥᠩᠭᠦ ᠶᠢ ︽ᠲᠦᠷᠭᠡᠨ ᠪᠥᠭᠡᠳ ᠰᠢᠭᠤᠳ ᠪᠠᠭᠤᠯᠭᠠᠬᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ︾ ᠬᠡᠷᠡᠭᠯᠡᠯᠲᠡ ᠶᠢᠨ ᠵᠠᠷᠴᠢᠮ ᠶᠣᠰᠣᠭᠠᠷ᠂ ᠮᠠᠨ ᠤ ᠣᠷᠣᠨ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠳᠤ ᠪᠠᠨ᠂ ᠪᠡᠯᠡ ᠮᠥᠩᠭᠦᠨ ᠤ ᠵᠠᠷᠤᠯᠭ᠎ᠠ ᠶᠢᠨ ᠴᠠᠭ ᠲᠤᠬᠠᠢ ᠶᠢᠨ ᠴᠢᠨᠠᠷ ᠢ ᠭᠤᠣᠯᠳᠠᠯᠭ᠎ᠠ ᠲᠠᠢ ᠠᠩᠬᠠᠷᠴᠤ᠂ ᠡᠳ᠋ ᠤᠨ ᠵᠠᠰᠠᠭ ᠤᠨ ᠪᠡᠯᠡ ᠮᠥᠩᠭᠦ ᠶᠢ ︽ᠲᠦᠷᠭᠡᠨ ᠰᠢᠭ︾ ᠲᠠᠷᠬᠠᠭᠠᠬᠤ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠢ ᠮᠥᠩᠭᠦ ᠪᠠᠷ ︽ᠡᠯᠪᠡᠭ ᠰᠢᠭ︾ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ︽ᠢᠯᠡᠭᠦᠬᠡᠨ︾ ᠪᠠᠶᠢᠯᠭᠠᠬᠤ ᠪᠠᠷ ᠴᠢᠷᠮᠠᠶᠢᠵᠠᠢ᠃ ᠰᠢᠨ᠎ᠡ ᠵᠢᠯ᠂ ᠴᠠᠭᠠᠨ ᠰᠠᠷ᠎ᠠ ᠵᠡᠷᠭᠡ ᠵᠠᠩᠭᠢᠯᠠᠭ᠎ᠠ ᠶᠢᠨ ᠬᠤᠭᠤᠴᠠᠭᠠᠨ ᠳᠤ᠂ ︽ᠬᠠᠯᠠᠮᠵᠢ ᠶᠢᠨ ᠵᠣᠭᠤᠰ︾᠎ ᠢ ᠡᠷᠲᠡᠬᠡᠨ ᠬᠦᠴᠢᠷᠳᠡᠯᠲᠡᠢ ᠣᠯᠠᠨ ᠲᠦᠮᠡᠨ ᠳᠤ ᠰᠢᠭᠤᠳ ᠬᠦᠷᠭᠡᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠥᠮᠥᠷᠭᠡ ᠶᠢᠨ ᠵᠣᠭᠤᠰ ᠢ ᠲᠤᠰᠬᠠᠢ ᠲᠣᠬᠢᠷᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠤᠯᠪᠤᠭᠠᠯᠠᠵᠤ ᠪᠠᠶᠢᠭᠠᠳ ᠪᠡᠯᠡ ᠮᠥᠩᠭᠦ ᠲᠠᠷᠬᠠᠭᠠᠬᠤ ᠡᠳᠦᠷ ᠤᠨ ᠮᠡᠳᠡᠭᠦᠯᠦᠯᠲᠡ᠂ ᠡᠷᠦᠬᠡ ᠶᠢᠨ ᠬᠢᠨᠠᠨ ᠰᠢᠨᠵᠢᠯᠡᠯᠲᠡ ᠶᠢᠨ ᠳᠦᠷᠢᠮ ᠢ ᠪᠠᠶᠢᠭᠤᠯᠤᠨ᠂ ᠪᠡᠯᠡ ᠮᠥᠩᠭᠦ ᠶᠢ ᠺᠠᠷᠲ ᠪᠠ ᠡᠷᠦᠬᠡ ᠳᠤ ᠴᠠᠭ ᠲᠤᠬᠠᠢ ᠳᠤ ᠨᠢ ᠣᠯᠭᠤᠭᠰᠠᠨ ᠦᠭᠡᠢ ᠭᠠᠵᠠᠷ ᠣᠷᠣᠨ ᠢ ᠳᠠᠷᠦ᠋ᠢᠬᠠᠨ ᠵᠠᠷᠯᠠᠨ ᠰᠢᠮᠳᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠷᠠᠳ ᠤᠨ ᠵᠣᠪᠠᠨᠢᠯ ᠢ ᠠᠷᠢᠯᠭᠠᠬᠤ ᠪᠣᠳᠠᠲᠤ ᠶᠠᠪᠤᠳᠠᠯ ᠢ ᠡᠷᠲᠡᠬᠡᠨ ᠰᠠᠶᠢᠲᠤᠷ ᠬᠢᠬᠦ ᠶᠢ ᠦᠨᠡᠨ ᠬᠦ ᠪᠠᠲᠤᠯᠠᠵᠠᠢ᠃    ᠤᠯᠠᠨ ᠵᠦᠢᠯ ᠤᠨ ᠠᠷᠭ᠎ᠠ ᠬᠡᠮᠵᠢᠶ᠎ᠡ ᠶᠢᠨ ᠬᠦᠴᠦᠲᠡᠢ ᠳᠡᠮᠵᠢᠯᠭᠡ ᠳᠣᠣᠷ᠎ᠠ᠂ ᠮᠠᠨ ᠤ ᠣᠷᠣᠨ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠵᠤ᠂ 2023 ᠣᠨ ᠤ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠪᠠᠷ ᠪᠦᠬᠦ ᠣᠷᠣᠨ ᠤ 160 ᠭᠠᠷᠤᠢ ᠲᠦᠮᠡᠨ ᠬᠦᠴᠢᠷᠳᠡᠯᠲᠡᠢ ᠤᠯᠠᠨ ᠲᠦᠮᠡᠨ ᠳᠤ ᠠᠰᠢᠭ ᠬᠦᠷᠲᠡᠭᠡᠵᠡᠢ᠃ ᠡᠭᠦᠨ ᠳᠤ᠂ 30 ᠭᠠᠷᠤᠢ ᠲᠦᠮᠡᠨ ᠨᠢᠭᠡ ᠬᠤᠶᠠᠳᠤᠭᠠᠷ ᠳᠡᠰ ᠤᠨ ᠬᠦᠨᠳᠦ ᠵᠡᠮᠳᠡᠭᠴᠦᠳ᠂ 80 ᠨᠠᠰᠤᠨ ᠠᠴᠠ ᠳᠡᠭᠡᠭᠰᠢᠬᠢ 16 ᠲᠦᠮᠡᠨ ᠥᠨᠳᠥᠷ ᠨᠠᠰᠤᠲᠠᠢ ᠨᠠᠰᠤᠲᠠᠳ᠂ ᠬᠤᠲᠠ ᠬᠥᠳᠡᠭᠡ ᠶᠢᠨ 10 ᠲᠦᠮᠡᠨ ᠣᠨᠴᠠ ᠬᠦᠴᠢᠷᠳᠡᠯ ᠲᠠᠢ ᠬᠥᠮᠥᠨ᠂ 6000 ᠭᠠᠷᠤᠢ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠭᠲᠠᠭᠠᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1