ᠵᠠᠩ ᡁᠢ ᠸᠧᠢ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/6/27
    6 ᠰᠠᠷ᠎ᠠ ᠶᠢᠨ 22᠎ ᠤᠨ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠥᠪᠡᠷ ᠢᠶᠠᠨ ᠪᠠᠷᠢᠭᠰᠠᠨ ᠭᠡᠷ ᠪᠠᠶᠢᠰᠢᠩ ᠂ ᠰᠢᠲᠠᠮᠠᠬᠠᠢ ᠬᠡᠢ ᠂ ᠵᠠᠮ ᠬᠠᠷᠢᠯᠴᠠᠭ᠎ᠠ ᠂ ᠰᠣᠶᠣᠯ ᠵᠤᠭᠠᠴᠠᠯ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠪᠠᠳᠠᠨ ᠵᠢᠯᠤᠭᠤᠳᠴᠤ ᠪᠠᠶᠢᠴᠠᠭᠠᠵᠠᠢ᠃    ᠫᠢᠩᠵᠤᠸᠠᠩ ᠴᠧᠩ ᠴᠢᠦᠢ ᠵᠡᠭᠡᠯᠢ ᠭᠤᠳᠤᠮᠵᠢ ᠶᠢᠨ ᠡᠵᠡᠩᠨᠡᠯᠲᠡ ᠶᠢᠨ ᠴᠢᠨᠠᠷᠲᠠᠢ ᠥᠪᠡᠷᠲᠡᠭᠡᠨ ᠪᠠᠷᠢᠭᠰᠠᠨ ᠭᠡᠷ ᠪᠠᠶᠢᠰᠢᠩ ᠳᠤ᠂ ᠵᠠᠩ ᡁᠢ ᠸᠧᠢ ᠭᠡᠷ ᠪᠠᠶᠢᠰᠢᠩ ᠤᠨ ᠣᠷᠴᠢᠨ ᠲᠣᠭᠤᠷᠢᠨ ᠪᠣᠯᠣᠨ ᠣᠷᠣᠰᠢᠵᠤ ᠪᠠᠶᠢᠭ᠎ᠠ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠎ ᠶᠢᠨ ᠲᠠᠯᠠᠪᠤᠷ ᠲᠤ ᠨᠢ ᠪᠠᠶᠢᠴᠠᠭᠠᠨ ᠦᠵᠡᠪᠡ ᠃ ᠲᠡᠷᠡ ᠂ ᠬᠠᠷᠢᠶ᠎ᠠ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ ᠂ ᠥᠪᠡᠷ ᠢᠶᠠᠨ ᠪᠠᠷᠢᠭᠰᠠᠨ ᠪᠠᠷᠢᠯᠭ᠎ᠠ ᠶᠢᠨ ᠰᠠᠭᠤᠷᠢ ᠮᠡᠳᠡᠭᠡ ᠵᠠᠩᠭᠢ ᠂ ᠪᠦᠲᠦᠭᠡᠨ ᠪᠠᠶᠢᠭᠤᠯᠤᠯᠲᠠ ᠶᠢᠨ ᠲᠣᠭᠲᠠᠭᠠᠯ ᠳᠤ ᠨᠡᠶᠢᠴᠡᠬᠦ ᠴᠢᠨᠠᠷ ᠂ ᠪᠦᠲᠦᠴᠡ ᠶᠢᠨ ᠠᠮᠤᠷ ᠲᠦᠪᠰᠢᠨ ᠤ ᠴᠢᠨᠠᠷ ᠂ ᠠᠮᠤᠷ ᠲᠦᠪᠰᠢᠨ ᠤ ᠭᠡᠮ ᠰᠣᠭᠤᠭ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠂ ᠨᠤᠷᠠᠭᠠᠬᠤ ᠶᠣᠰᠣᠲᠠᠢ ᠶᠢ ᠨᠢ ᠬᠠᠤᠯᠢ ᠶᠣᠰᠣᠭᠠᠷ ᠨᠤᠷᠠᠭᠠᠵᠤ ᠂ ᠪᠠᠬᠢᠵᠢᠭᠦᠯᠬᠦ ᠶᠣᠰᠣᠲᠠᠢ ᠶᠢ ᠨᠢ ᠲᠥᠷᠭᠡᠨ ᠪᠠᠬᠢᠵᠢᠭᠦᠯᠵᠦ ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠢᠵᠠᠭᠠᠷᠯᠠᠵᠤ ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠬᠤ ᠦᠭᠡᠢ ᠂ ᠡᠵᠡᠩᠨᠡᠬᠦ ᠦᠭᠡᠢ ᠂ ᠬᠡᠷᠡᠭᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
1_副本.jpg
       ᠤᠯᠠᠭᠠᠨᠬᠠᠳᠠ ᠶᠢᠨ ᠹᠦ᠋ ᠯᠦᠩ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠶᠢᠨ ᠫᠢᠩᠵᠤᠸᠠᠩ ᠬᠤᠪᠢᠶᠠᠷᠢ ᠺᠣᠮᠫᠠᠨᠢ ᠳᠤ ᠂ ᠵᠠᠩ ᡁᠢ ᠸᠧᠢ ᠰᠢᠲᠠᠮᠠᠬᠠᠢ ᠬᠡᠢ ᠶᠢᠨ ᠬᠠᠳᠠᠭᠠᠯᠠᠮᠵᠢ ᠂ ᠲᠡᠭᠡᠭᠡᠪᠦᠷᠢ ᠂ ᠲᠣᠬᠢᠷᠠᠭᠤᠯᠤᠨ ᠬᠦᠷᠭᠡᠬᠦ ᠪᠠ ᠰᠢᠲᠠᠮᠠᠬᠠᠢ ᠬᠡᠢ ᠶᠢᠨ ᠪᠠᠭᠠᠵᠢ ᠶᠢᠨ ᠬᠢᠷᠢ ᠲᠡᠩᠴᠡᠭᠰᠡᠨ ᠡᠰᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠪᠦᠬᠦ  ᠲᠣᠭᠤᠷᠢᠭ ᠢᠶᠠᠷ ᠢᠶᠠᠨ ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠥᠨᠡᠨ ᠬᠦ ᠭᠦᠢᠴᠡᠳᠬᠡᠵᠦ ᠂ ᠰᠢᠲᠠᠮᠠᠬᠠᠢ ᠬᠡᠢ ᠶᠢᠨ ᠪᠡᠯᠡᠳᠬᠡᠮᠵᠢ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ ᠂ ᠠᠵᠢᠯᠯᠠᠬᠤ ᠳᠦᠷᠢᠮᠵᠢᠯ ᠢ ᠴᠢᠩᠭ᠎ᠠ ᠵᠢᠷᠤᠮᠯᠠᠨ ᠠᠵᠢᠯ ᠢᠶᠠᠨ ᠵᠢᠷᠤᠮᠵᠢᠭᠤᠯᠵᠤ ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠡᠵᠡᠮᠳᠡᠬᠦ ᠬᠡᠷᠡᠭᠲᠡᠢ᠃ ᠵᠡᠭᠡᠯᠢ ᠭᠤᠳᠤᠮᠵᠢ ᠪᠠ ᠪᠠᠯᠭᠠᠰᠤ ᠰᠢᠶᠠᠩ ᠨᠢ ᠠᠵᠢᠯ ᠲᠥᠷᠥᠯ ᠤᠨ ᠰᠠᠯᠠᠭ᠎ᠠ ᠮᠥᠴᠢᠷ ᠯᠦᠭᠡ ᠬᠠᠮᠵᠢᠯᠴᠠᠨ ᠰᠢᠲᠠᠮᠠᠬᠠᠢ ᠬᠡᠢ ᠶᠢᠨ ᠠᠮᠤᠷ ᠲᠦᠪᠰᠢᠨ ᠎ ᠢ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠢ ᠵᠢᠯᠣᠭᠤᠳᠤᠨ ᠰᠢᠲᠠᠮᠠᠬᠠᠢ ᠬᠡᠢ ᠶᠢ ᠵᠥᠪ ᠣᠨᠣᠪᠴᠢᠲᠠᠶ ᠬᠡᠷᠡᠭᠯᠡᠬᠦ ᠶᠢ ᠵᠢᠷᠤᠮᠵᠢᠭᠤᠯᠤᠨ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠭᠥᠯᠢᠶᠡᠨ ᠠᠪᠤᠭᠴᠢᠳ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠴᠢᠳ ᠤᠨ ᠨᠡᠭᠦᠷᠡᠰᠦᠨ ᠬᠡᠢ ᠯᠡᠪᠡᠷᠡᠬᠦ ᠠᠳᠡᠯ ᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠵᠤ᠂ ᠡᠯ᠎ᠡ ᠲᠥᠷᠥᠯ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠷᠬᠡᠪᠰᠢ ᠰᠢᠲᠠᠮᠠᠬᠠᠢ ᠬᠡᠢ ᠶᠢᠨ ᠢᠷᠡᠯᠲᠡ᠂ ᠰᠢᠲᠠᠮᠠᠬᠠᠢ ᠬᠡᠢ ᠶᠢᠨ ᠪᠣᠯᠣᠳ ᠯᠣᠩᠬᠤ ᠶᠢ ᠰᠤᠭᠤᠴᠢᠨ ᠪᠠᠶᠢᠴᠠᠭᠠᠬᠤ ᠵᠢᠴᠢ ᠢᠳᠡᠭᠡᠨ ᠤᠮᠳᠠᠭᠠᠨ ᠤ ᠦᠢᠯᠡᠰ ᠲᠤ ᠬᠡᠷᠡᠭᠯᠡᠬᠦ ᠬᠡᠢ ᠶᠢᠨ ᠠᠵᠢᠯᠯᠠᠬᠤ ᠲᠠᠰᠤᠭ᠂ ᠰᠢᠲᠠᠮᠠᠬᠠᠢ ᠬᠡᠢ ᠶᠢᠨ ᠯᠣᠩᠬᠤ᠂ ᠬᠤᠭᠤᠯᠠᠢ ᠵᠢᠴᠢ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠬᠢᠨᠠᠨ ᠬᠠᠮᠢᠶᠠᠷᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠢᠲᠠᠮᠠᠬᠠᠢ ᠬᠡᠢ ᠶᠢᠨ ᠪᠡᠯᠡᠳᠬᠡᠮᠵᠢ ᠶᠢ ᠳᠤᠷ᠎ᠠ ᠪᠠᠷ ᠢᠶᠠᠨ ᠤᠭᠰᠠᠷᠠᠬᠤ᠂ ᠨᠤᠷᠠᠭᠠᠬᠤ᠂ ᠵᠠᠳᠠᠯᠬᠤ᠂ ᠥᠭᠡᠷᠡᠴᠢᠯᠡᠨ ᠤᠭᠰᠠᠷᠠᠬᠤ᠂ ᠰᠢᠯᠵᠢᠭᠦᠯᠬᠦ ᠪᠠ ᠬᠤᠶᠠᠷ ᠵᠦᠢᠯ ᠤᠨ ᠢᠷᠡᠯᠲᠡ ᠲᠠᠢ ᠬᠡᠢ ᠪᠤᠶᠤ ᠲᠦᠯᠡᠰᠢ ᠶᠢ ᠬᠡᠷᠡᠭᠯᠡᠬᠦ ᠵᠡᠷᠭᠡ ᠦᠶᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠲᠠᠮᠠᠬᠠᠢ ᠬᠡᠢ ᠶᠢᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠬᠡᠢ ᠬᠦᠷᠭᠡᠬᠦ ᠠᠵᠢᠯᠲᠠᠨ ᠤ ᠵᠢᠷᠤᠮᠵᠢᠯ ᠶᠣᠰᠣᠭᠠᠷ ᠰᠢᠲᠠᠮᠠᠬᠠᠢ ᠬᠡᠢ ᠶᠢᠨ ᠯᠣᠩᠬᠤ ᠶᠢ ᠰᠣᠯᠢᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠬᠡᠢ ᠬᠡᠷᠡᠭᠯᠡᠬᠦ ᠰᠠᠨᠠᠭᠤᠯᠤᠮᠵᠢ ᠶᠢ ᠰᠠᠶᠢᠲᠤᠷ ᠬᠢᠵᠦ᠂ ᠰᠢᠲᠠᠮᠠᠬᠠᠢ ᠬᠡᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠵᠠᠢ᠃
2_副本.jpg
       ᠰᠢᠶᠣᠣ ᠦ᠋ ᠵᠢᠶᠠ ᠰᠢᠶᠠᠩ ᠤᠨ ᠳ᠋ᠠ ᠶᠢᠨ ᠭᠧᠦ ᠠᠴᠠ ᠫᠢᠩ ᠶᠤᠸᠠᠨ ᠬᠦᠷᠬᠦ ᠨᠢᠭᠡᠳᠦᠭᠡᠷ ᠳᠡᠰ ᠤᠨ ᠵᠠᠮ ᠤᠨ ᠬᠡᠰᠡᠭ ᠎ ᠤᠨ ᠪᠠᠢ ᠾᠧ ᠠᠭᠤᠯᠠᠨ ᠲᠤᠰᠬᠤᠨ ᠳᠤ᠂ ᠵᠠᠩ ᡁᠢ ᠸᠧᠢ ᠵᠠᠮ ᠬᠠᠷᠢᠯᠴᠠᠭᠠᠨ ᠤ ᠠᠶᠤᠯ ᠲᠦᠭᠰᠢᠭᠦᠷᠢ ᠶᠢᠨ ᠴᠡᠭ ᠂ ᠦᠵᠡᠮᠵᠢ ᠶᠢᠨ ᠣᠷᠣᠨ ᠤ ᠵᠤᠭᠠᠴᠠᠭᠰᠠᠳ ᠤᠨ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠬᠤᠲᠠ ᠶᠢᠨ ᠠᠷᠠᠳ ᠤᠨ ᠶᠠᠪᠤᠵᠤ ᠰᠠᠭᠤᠬᠤ ᠬᠦᠰᠡᠯ ᠴᠢᠩᠭ᠎ᠠ ᠪᠣᠯᠬᠤᠷ ᠭᠤᠣᠯᠳᠠᠯᠭ᠎ᠠ ᠎ ᠲᠠᠢ ᠵᠠᠮ ᠤᠨ ᠬᠡᠰᠡᠭ ᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠂ ᠵᠢᠭᠤᠯᠴᠢᠯᠠᠯ ᠤᠨ ᠦᠵᠡᠮᠵᠢᠲᠦ ᠣᠷᠣᠨ᠂ ᠠᠮᠠᠷᠬᠠᠨ ᠲᠦᠭᠵᠢᠷᠡᠬᠦ ᠵᠠᠮ ᠤᠨ ᠬᠡᠰᠡᠭ ᠵᠡᠷᠭᠡ ᠭᠤᠣᠯᠳᠠᠯᠭ᠎ᠠ ᠎ ᠲᠠᠢ ᠣᠷᠣᠨ ᠪᠦᠰᠡ ᠶᠢᠨ ᠰᠠᠭᠠᠳ ᠦᠭᠡᠢ ᠨᠡᠪᠲᠡᠷᠡᠬᠦ ᠠᠵᠢᠯ ᠢ ᠰᠠᠶᠢᠲᠤᠷ ᠬᠢᠵᠦ᠂ ᠠᠮᠤᠷ ᠲᠦᠪᠰᠢᠨ᠂ ᠡᠮᠬᠢ ᠵᠢᠷᠤᠮ ᠎ ᠲᠠᠢ᠂ ᠰᠠᠭᠠᠳ ᠦᠭᠡᠢ ᠨᠡᠪᠲᠡᠷᠡᠬᠦ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ ᠃ ᠬᠥᠮᠥᠨ ᠬᠠᠷ᠎ᠠ ᠤᠯᠠᠨ ᠴᠤᠭᠯᠠᠷᠠᠬᠤ ᠭᠠᠵᠠᠷ ᠎ ᠤᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠨ ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠂ ᠵᠤᠭ᠎ᠠ ᠴᠡᠩᠭᠡᠯ ᠎ ᠤᠨ ᠲᠥᠬᠦᠭᠡᠷᠦᠮᠵᠢ ᠶᠢᠨ  ᠠᠮᠤᠷ ᠲᠥᠪᠰᠢᠨ᠂ ᠢᠳᠡᠭᠡᠨ ᠎ ᠤ ᠠᠷᠢᠭᠤᠨ ᠴᠡᠪᠡᠷ ᠎ ᠤᠨ ᠠᠮᠤᠷ ᠲᠥᠪᠰᠢᠨ ᠵᠡᠷᠭᠡ ᠡᠯ᠎ᠡ ᠵᠦᠢᠯ ᠎ ᠤᠨ ᠠᠮᠤᠷ ᠲᠥᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠵᠢᠭᠤᠯᠴᠢᠯᠠᠭᠴᠢᠳ ᠤᠨ ᠠᠮᠤᠷ ᠲᠦᠪᠰᠢᠨ ᠎ ᠢ ᠥᠨᠡᠨ ᠬᠦ ᠪᠠᠲᠤᠯᠠᠬᠤ ᠬᠡᠷᠡᠭᠲᠡᠢ ᠭᠡᠵᠡᠢ᠃    ᠯᠢ ᠠᠨ ᠯᠦᠩ ︵ ᠥᠪᠥᠷ ᠮᠣᠩᠭᠤᠯ ︶᠎  ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠂ ᠵᠠᠩ ᡁᠢ ᠸᠧᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠢᠵᠢᠭᠦᠷᠯᠡᠨ ᠰᠠᠬᠢᠵᠤ ᠪᠠᠶᠢᠭ᠎ᠠ  ᠪᠠᠶᠢᠳᠠᠯ  ᠵᠡᠷᠭᠡ ᠶᠢ ᠨᠠᠷᠢᠨ ᠣᠶᠢᠯᠠᠭᠠᠪᠠ᠃ ᠲᠡᠷᠡ ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ ᠂ ᠠᠮᠤᠷ ᠲᠦᠪᠰᠢᠨ ᠤ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ ᠂ ᠤᠳᠤᠷᠢᠳᠤᠯᠭ᠎ᠠ ᠶᠢᠨ ᠡᠭᠡᠯᠵᠢ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠰᠠᠩ ᠬᠥᠮᠥᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠤ ᠬᠡᠮ ᠰᠣᠭᠤᠭ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠶᠣᠰᠣᠭᠠᠷ᠂  ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠷᠤᠮᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠥᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠃     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ ᠶᠢᠨ ᠲᠧᠩ ᠵᠢᠶᠣᠣ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1