ᠶᠤᠸᠠᠨ ᠪᠦᠦ ᠱᠠᠨ ᠪᠠᠯᠭᠠᠰᠤ 33 ᠳ᠋ᠤᠭᠠᠷ ︽ᠪᠥᠬᠦ ᠤᠯᠤᠰ ᠤᠨ ᠭᠠᠵᠠᠷ ᠰᠢᠷᠣᠢ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
    6 ᠰᠠᠷ᠎ᠠ ᠶᠢᠨ 25᠎ ᠤ ᠡᠳᠦᠷ ᠪᠣᠯ 33 ᠳ᠋ᠤᠭᠠᠷ ︽ᠪᠦᠬᠦ ᠤᠯᠤᠰ ᠤᠨ ᠭᠠᠵᠠᠷ ᠰᠢᠷᠣᠢ ᠶᠢᠨ ᠡᠳᠦᠷ︾ ᠪᠣᠯᠣᠨ᠎ᠠ᠃ ᠶᠤᠸᠠᠨ ᠪᠦᠦ ᠱᠠᠨ ᠪᠠᠯᠭᠠᠰᠤ ︽ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠬᠤ︾ ᠡᠨᠡ ᠬᠦ ᠭᠠᠵᠠᠷ ᠰᠢᠷᠣᠢ ᠶᠢᠨ ᠡᠳᠦᠷ ᠤᠨ ᠭᠤᠣᠯ ᠰᠡᠳᠦᠪ ᠤᠨ ᠲᠣᠭᠤᠷᠢᠨ ᠳᠤ ᠡᠯ᠎ᠡ ᠲᠣᠰᠬᠤᠨ ᠳᠤᠭᠤᠶᠢᠯᠠᠩ ᠪᠠ ᠲᠠᠷᠢᠶᠠᠨ ᠭᠠᠵᠠᠷ ᠲᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1_副本.jpg
       ᠢᠦᠢ ᠬᠤᠸᠠᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ᠂ ᠠᠵᠢᠯᠲᠠᠳ ᠭᠠᠴᠠᠭᠠᠨ ᠤ ᠠᠷᠠᠳ ᠲᠤ ᠲᠠᠷᠢᠶᠠᠨ ᠭᠠᠵᠠᠷ ᠢ ᠬᠠᠮᠠᠭᠠᠯᠠᠬᠤ ᠤᠬᠠᠭᠤᠯᠭ᠎ᠠ ᠶᠢᠨ ᠬᠠᠭᠤᠳᠠᠰᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠦᠭᠡᠭᠡᠵᠦ᠂ ᠤᠯᠠᠨ ᠲᠦᠮᠡᠨ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠰᠠᠭᠤᠷᠢ ᠮᠡᠳᠡᠯᠭᠡ ᠶᠢ ᠲᠦᠭᠡᠮᠡᠯᠵᠢᠭᠦᠯᠵᠦ ᠂ ᠤᠯᠠᠨ ᠲᠦᠮᠡᠨ ᠤ ᠪᠠᠶᠢᠭᠠᠯᠢ ᠶᠢᠨ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ᠂ ᠭᠠᠵᠠᠷ ᠰᠢᠷᠣᠢ ᠶᠢ ᠵᠦᠢ ᠵᠣᠬᠢᠰᠲᠠᠢ ᠠᠰᠢᠭᠯᠠᠬᠤ ᠂ ᠲᠠᠷᠢᠶᠠᠨ ᠭᠠᠵᠠᠷ ᠢ ᠴᠢᠩᠭ᠎ᠠ ᠬᠠᠮᠠᠭᠠᠯᠠᠬᠤ ᠶᠢ ᠬᠥᠲᠥᠯᠥᠨ ᠵᠢᠯᠤᠭᠤᠳᠬᠤ ᠶᠢᠨ ᠬᠠᠮᠲᠤ ᠂ ᠪᠦᠬᠦ ᠤᠯᠤᠰ ᠤᠨ ︽ ᠭᠠᠵᠠᠷ ᠰᠢᠷᠣᠢ ᠶᠢᠨ ᠡᠳᠦᠷ ︾᠎ ᠤᠨ ᠮᠡᠳᠡᠯᠭᠡ ᠶᠢᠨ ᠲᠠᠶᠢᠯᠤᠮᠵᠢ ᠶᠢ ᠥᠷᠨᠢᠭᠦᠯᠵᠦ ᠂ ᠲᠠᠪᠢ ᠭᠠᠷᠤᠢ ᠭᠠᠴᠠᠭᠠᠨ ᠤ ᠠᠷᠠᠳ ᠢᠳᠡᠪᠬᠢᠲᠡᠢ ᠣᠷᠤᠯᠴᠠᠨ᠂ ᠭᠠᠴᠠᠭᠠᠨ ᠤ ᠠᠷᠠᠳ ᠤᠨ ᠭᠠᠵᠠᠷ ᠰᠢᠷᠣᠢ ᠶᠢ ᠠᠷᠪᠢᠯᠠᠨ  ᠠᠰᠢᠭᠯᠠᠬᠤ᠂ ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠪᠦᠬᠦ ᠠᠷᠠᠳ ᠢᠶᠠᠷ ᠢᠶᠠᠨ ᠭᠠᠵᠠᠷ ᠰᠢᠷᠣᠢ ᠶᠢ ᠨᠠᠨᠳᠢᠩᠨᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ ᠃
2_副本.jpg
       ᠶᠤᠸᠠᠨ ᠪᠦᠦ ᠱᠠᠨ ᠪᠠᠯᠭᠠᠰᠤᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ  ᠥᠷᠲᠡᠭᠡᠨ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠪᠠ ᠠᠰᠠᠭᠤᠨ ᠯᠠᠪᠯᠠᠬᠤ ᠴᠡᠭ ᠭᠠᠷᠭᠠᠬᠤ ᠪᠠᠷ ᠳᠠᠮᠵᠢᠭᠤᠯᠤᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠵᠢᠴᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ︽ᠨᠠᠢᠮᠠᠨ ᠵᠦᠢᠯ ᠢ ᠥᠯᠥ ᠵᠥᠪᠰᠢᠶᠡᠷᠡᠬᠦ︾ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠮᠡᠳᠡᠯᠭᠡ ᠶᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠤ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠮᠠᠨ ᠤ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠪᠠ ᠤᠯᠤᠰ ᠤᠨ ᠪᠣᠳᠣᠯᠭ᠎ᠠ ᠶᠢ ᠵᠥᠪ ᠲᠠᠨᠢᠭᠤᠯᠪᠠ᠃    ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠪᠠᠯᠭᠠᠰᠤᠨ ᠤ ᠵᠠᠰᠠᠭ ᠤᠨ ᠣᠷᠳᠣᠨ ᠤᠬᠠᠭᠤᠯᠭ᠎ᠠ ᠶᠢᠨ ᠠᠵᠢᠯᠯᠠᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ ᠂ ᠤᠬᠠᠭᠤᠯᠭ᠎ᠠ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠴᠦ ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠂ ᠬᠠᠮᠤᠭ ᠤᠨ ᠰᠢᠭᠤᠳ ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠲᠡᠷᠢᠭᠦᠨ ᠪᠠᠶᠢᠷᠢᠨ ᠳᠤ ᠲᠠᠯᠪᠢᠵᠤ ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ ᠂ ᠳᠡᠭᠡᠷ᠎ᠡ ᠳᠣᠣᠷ᠎ᠠ ᠱᠠᠲᠤᠨ ᠤ ᠬᠢᠨ ᠬᠠᠮᠵᠢᠯᠴᠠᠭᠰᠠᠨ ᠂ ᠡᠯ᠎ᠡ ᠲᠠᠯ᠎ᠠ ᠶᠢᠨ ᠬᠢᠨ ᠴᠢᠷᠮᠠᠶᠢᠭᠰᠠᠨ ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠂ ᠬᠠᠮᠲᠤ ᠪᠠᠷ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1