ᠼᠤᠤ ᡁᠢ ᠶᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/28
    6 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠸ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠤᠨ ᠪᠠᠶᠢᠴᠠᠭᠠᠨ ᠰᠣᠳᠤᠯᠪᠠ᠃
1_副本.jpg
       ᠪᠠᠶᠢᠴᠠᠭᠠᠨ ᠰᠤᠳᠤᠯᠤᠯᠲᠠ ᠶᠢᠨ ᠳᠤᠮᠳᠠ᠂ ᠼᠤᠤ ᡁᠢ ᠶᠦᠩ ᠪᠣᠯᠣᠨ  ᠫᠢᠩᠵᠤᠸᠠᠩ ᠨᠡᠭᠦᠷᠡᠰᠦᠨ ᠤ ᠦᠢᠯᠡᠰ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠧᠢ ᠶᠦᠩ ᠱᠧᠩ᠂ ᠫᠢᠩᠵᠤᠸᠠᠩ ᠨᠡᠭᠦᠷᠡᠰᠦᠨ ᠤ ᠦᠢᠯᠡᠰ ᠤᠨ ᠨᠠᠮ ᠤᠨ ᠬᠤᠷᠢᠶᠠᠨ ᠤ ᠳᠡᠳ᠋ ᠱᠦᠵᠢ ᠭᠤᠸ ᠸᠧᠨ ᠸᠧᠨ᠂ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ ᠱᠧᠨ ᠿᠥᠢ ᠵᠡᠷᠭᠡ ᠬᠥᠮᠥᠰ ᠬᠠᠮᠲᠤᠪᠠᠷ ᠶᠤᠸᠠᠨ ᠪᠦᠦ ᠱᠠᠨ ᠲᠣᠭᠤᠷᠢᠭ ᠤᠨ ᠢᠨᠵᠠᠭ᠎ᠠ ᠶᠢᠨ ᠭᠤᠣᠯ ᠤᠨ ᠬᠡᠰᠡᠭ ᠲᠤ ᠬᠦᠷᠴᠦ᠂ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠢᠨᠵᠠᠭ᠎ᠠ ᠶᠢᠨ ᠭᠤᠣᠯ ᠤᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠼᠤᠤ ᡁᠢ ᠶᠦᠩ  ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠂ ᠢᠨᠵᠧᠨᠧᠷᠢᠩ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠂ ᠬᠦᠴᠢᠷ ᠠᠰᠠᠭᠤᠳᠠᠯ ᠢ ᠨᠢᠭᠡᠳ ᠨᠢᠭᠡ ᠪᠠᠷ ᠵᠣᠬᠢᠴᠠᠭᠤᠯᠤᠨ ᠰᠢᠢᠳᠪᠦᠷᠢᠯᠡᠵᠦ ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠶᠢ ᠳᠤᠷᠠᠳᠴᠠᠢ ᠃ ᠼᠤᠤ ᡁᠢ ᠶᠦᠩ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠨᠵᠠᠭ᠎ᠠ ᠶᠢᠨ ᠭᠤᠣᠯ ᠢ ᠥᠭᠡᠷᠡᠴᠢᠯᠡᠬᠦ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠣᠯᠣᠯᠴᠠᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠢᠨᠵᠧᠨᠧᠷᠢᠩ ᠳᠤ ᠬᠤᠯᠪᠣᠭᠳᠠᠭᠰᠠᠨ ᠭᠠᠵᠠᠷ ᠰᠢᠷᠣᠢ ᠂ ᠨᠡᠭᠦᠯᠭᠡᠨ ᠡᠵᠡᠯᠡᠬᠦ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠬᠤ ᠬᠡᠷᠡᠭᠲᠡᠢ ᠃ ᠪᠠᠷᠢᠯᠭ᠎ᠠ ᠶᠢᠨ ᠠᠵᠢᠯ ᠤᠨ ᠲᠡᠰ ᠳᠠᠷᠠᠭᠠᠯᠠᠯ ᠢ ᠵᠣᠬᠢᠰᠲᠠᠢ ᠰᠢᠯᠢᠳᠡᠭᠵᠢᠭᠦᠯᠵᠦ ᠂ ᠪᠣᠳᠠᠰ ᠤᠨ ᠬᠦᠴᠦᠨ ᠬᠥᠮᠥᠨ ᠤ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠵᠦ ᠂ ᠪᠦᠬᠦ ᠠᠵᠢᠯᠲᠠᠨ ᠎ ᠤ ᠭᠠᠷᠳᠠᠬᠤ ᠶᠢ ᠪᠠᠷᠢᠮᠲᠠᠯᠠᠵᠤ ᠂ ︽ ᠬᠦᠯᠢᠶᠡᠵᠦ ᠳᠡᠶᠢᠯᠬᠦ ᠦᠭᠡᠢ ︾ ᠂ ︽ ᠤᠳᠠᠭᠠᠰᠢᠷᠠᠭᠤᠯᠵᠤ ᠪᠣᠯᠬᠤ ᠦᠭᠡᠢ ︾ ᠠᠵᠢᠯ ᠤᠨ ᠣᠪᠣᠷ ᠢᠶᠠᠷ ᠴᠠᠭ ᠬᠤᠭᠤᠴᠠᠭ᠎ᠠ ᠶᠢ ᠠᠮᠵᠢᠨ ᠪᠠᠷᠢᠯᠭ᠎ᠠ ᠶᠢᠨ ᠠᠬᠢᠴᠠ ᠶᠢ ᠠᠬᠢᠭᠤᠯᠬᠤ ᠬᠡᠷᠡᠭᠲᠡᠢ ᠃ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ᠂ ᠡᠮᠦᠨ᠎ᠡ ᠹᠷᠣᠨᠲ ᠲᠤ ᠵᠢᠯᠣᠭᠤᠳᠤᠨ᠂ ᠲᠣᠬᠢᠷᠠᠭᠤᠯᠬᠤ ᠪᠠ ᠬᠢᠨᠠᠯᠲᠠ ᠲᠠᠯᠪᠢᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠴᠢᠨᠠᠷ ᠰᠠᠶᠢᠲᠠᠢ ᠢᠨᠵᠧᠨᠧᠷᠢᠩ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ ᠂ ᠲᠤᠰ ᠺᠣᠮᠫᠠᠨᠢ ᠶᠢᠨ ᠪᠦᠬᠦ ᠲᠤᠭ᠎ᠠ ᠪᠠᠷ ᠥᠪᠡᠷᠲᠡᠭᠡᠨ ᠬᠡᠷᠡᠭᠯᠡᠬᠦ ᠰᠢᠨ᠎ᠡ ᠡᠨᠧᠷᠭᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠤ ᠦᠢᠯᠡᠳᠪᠦᠷᠢ ᠶᠢᠨ ᠥᠪ ᠤᠨ ᠦᠵᠡᠭᠦᠯᠦᠯᠭᠡ ᠶᠢᠨ ᠲᠣᠭᠤᠷᠢᠭ ᠲᠤ ᠭᠦᠨᠵᠡᠭᠡᠶᠢᠷᠡᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠣᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠪᠠ ᠃ ᠼᠤᠤ ᡁᠢ ᠶᠦᠩ ᠂ ᠣᠳᠣᠬᠠᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠂ ᠣᠷᠴᠢᠨ ᠲᠣᠭᠤᠷᠢᠨ ᠪᠣᠯᠣᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠤᠪᠢᠷᠠᠯᠲᠠ ᠶᠢ ᠭᠦᠨᠵᠡᠭᠡᠢ ᠲᠠᠨᠢᠵᠤ ᠂ ᠢᠳᠡᠪᠬᠢᠲᠡᠢ ᠪᠠᠷ ᠰᠡᠳᠬᠢᠨ ᠪᠣᠳᠣᠯᠬᠢᠯᠠᠵᠤ ᠂ ᠬᠠᠷᠠᠯᠲᠠ ᠡᠭᠦᠷᠭᠡ ᠪᠠᠨ ᠲᠣᠭᠲᠠᠭᠠᠵᠤ ᠂ ᠤᠯᠤᠰ ᠤᠨ ᠰᠢᠨ᠎ᠡ ᠡᠨᠧᠷᠭᠢ ᠶᠢ ᠶᠡᠬᠡᠪᠡᠷ ᠬᠥᠭᠵᠢᠭᠦᠯᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠂ ᠰᠢᠨ᠎ᠡ ᠡᠨᠧᠷᠭᠢ ᠶᠢᠨ ᠠᠵᠤ ᠠᠬᠤᠢ ᠶᠢᠨ ᠡᠨᠡᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ︽ ᠬᠤᠷᠢᠭ᠎ᠠ ᠱᠤᠭᠤᠮ ︾ ᠎ ᠢ ᠡᠷᠡᠰ ᠰᠠᠬᠢᠵᠤ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠭᠡᠮ ᠰᠣᠭᠤᠭ ᠪᠣᠯᠣᠨ ᠳᠤᠲᠠᠭᠳᠠᠯ ᠢ ᠭᠦᠨᠵᠡᠭᠡᠢ ᠪᠠᠶᠢᠴᠠᠭᠠᠵᠤ ᠂ ᠠᠰᠠᠭᠤᠳᠠᠯ ᠢ ᠴᠠᠭ ᠲᠤᠬᠠᠢ ᠎ ᠳᠤᠨᠢ ᠰᠢᠢᠳᠪᠦᠷᠢᠯᠡᠵᠦ ᠂ ᠳᠤᠲᠠᠭᠤᠳᠠᠯ ᠢ ᠨᠥᠬᠦᠪᠦᠷᠢᠯᠡᠵᠦ ᠂ ᠠᠶᠤᠯᠭᠦᠢ ᠦᠢᠯᠡᠳᠪᠦᠷᠢᠯᠡᠯ ᠂ ᠡᠵᠡᠩᠨᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1