ᠹᠧᠩ ᠱᠦᠢ ᠭᠧᠦ ᠪᠠᠯᠭᠠᠰᠤ᠄ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠢᠳᠡᠪᠬᠢᠲᠡᠢ ᠥᠷᠨᠢᠭᠦᠯᠵᠦ ᠪᠠᠯᠭᠠᠰᠤᠨ ᠤ ᠬᠡᠪᠴᠢᠶᠡᠨ ᠳᠠᠬᠢ ᠠᠮᠤᠷ ᠲᠦᠪᠰᠢᠨ ᠤ ᠠᠵᠢᠯ ᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2023/6/29
    ᠣᠶᠢᠷ᠎ᠠ ᠶᠢᠨ ᠡᠳᠦᠷ᠂ ᠹᠧᠩ ᠱᠦᠢ ᠭᠧᠦ ᠪᠠᠯᠭᠠᠰᠤ ᠪᠥᠬᠦ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠠᠯ᠎ᠠ ᠪᠠᠷ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠪᠠᠯᠭᠠᠰᠤᠨ ᠤ ᠬᠡᠪᠴᠢᠶᠡᠨ ᠳᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠵᠦ ᠂ ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠪᠠ᠃
1_副本.jpg
       ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠭᠰᠢᠭᠦᠷᠢᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠥᠨᠡᠨ ᠬᠦ ᠴᠢᠩᠭᠠᠳᠬᠠᠪᠠ    6 ᠰᠠᠷ᠎ᠠ ᠶᠢᠨ 27᠎ ᠤ ᠡᠳᠦᠷ᠂ ᠲᠣᠰ ᠪᠠᠯᠭᠠᠰᠤ ︽ᠶᠢᠰᠦᠨ ᠵᠢᠵᠢᠭ ᠲᠠᠯᠠᠪᠤᠷ︾᠎ ᠤᠨ ᠰᠢᠲᠠᠮᠠᠬᠠᠢ ᠬᠡᠢ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠠᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠨ᠂ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ ᠪᠠᠲᠤ ᠰᠠᠬᠢᠵᠠᠢ᠃ ᠬᠤᠷᠠᠯ ᠠᠴᠠ ᠂ ᠡᠯ᠎ᠡ ᠲᠣᠰᠬᠤᠨ ︵ ᠨᠡᠶᠢᠭᠡᠮ ᠲᠣᠭᠤᠷᠢᠭ ︶ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ︽ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ︾ ᠱᠠᠭᠠᠷᠳᠠᠯᠭ᠎ᠠ ᠶᠣᠰᠣᠭᠠᠷ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠥᠨᠡᠨ ᠬᠦ ᠨᠠᠶᠢᠳᠠᠪᠤᠷᠢᠵᠢᠭᠤᠯᠵᠤ ᠂ ᠨᠢᠭᠡ ᠠᠴᠠ ᠵᠥᠢᠴᠢᠯᠡᠨ ᠨᠦᠬᠦᠭᠡ ᠶᠢ ᠮᠦᠷᠳᠡᠬᠦ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠢ ᠭᠤᠭᠴᠤᠭ᠎ᠠ ᠨᠢᠭᠡᠪᠦᠷᠢ ᠂ ᠨᠠᠷᠢᠨ ᠵᠦᠢᠯᠡᠰ ᠨᠢᠭᠡᠪᠦᠷᠢ ᠪᠠᠷ ᠨᠠᠶᠢᠳᠠᠪᠤᠷᠢᠵᠢᠭᠤᠯᠵᠤ ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠵᠠᠢ᠃    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ    ᠹᠧᠩ ᠱᠦᠢ ᠭᠧᠦ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠤᠭᠤᠭ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠬᠤᠳᠠᠯᠳᠤᠭ᠎ᠠ ᠳᠡᠯᠭᠡᠭᠦᠷ ᠂ ᠰᠤᠷᠭᠠᠭᠤᠯᠢ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ᠂ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ᠣᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠬᠡᠷᠡᠭᠯᠡᠬᠦ ᠡᠷᠦᠬᠡ᠂ ᠰᠢᠲᠠᠮᠠᠬᠠᠢ ᠬᠡᠢ ᠡᠵᠡᠩᠨᠡᠬᠦ ᠠᠵᠤ ᠠᠬᠤᠶᠢᠯᠠᠯ᠂ ᠬᠠᠭᠤᠴᠢᠷᠠᠭᠰᠠᠨ ᠬᠤᠭᠤᠯᠠᠢ ᠲᠣᠣᠷ ᠤᠨ ᠭᠡᠮ ᠰᠤᠭᠤᠭ ᠵᠡᠷᠭᠡ ᠳᠤ ᠨᠢᠭᠲᠠ ᠵᠢᠭᠰᠠᠭᠠᠨ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠨᠢ ᠪᠠᠷᠢᠮᠵᠢᠶ᠎ᠠ ᠳᠤ ᠨᠡᠶᠢᠴᠡᠬᠦ ᠡᠰᠡᠬᠦ᠂ ᠰᠢᠲᠠᠮᠠᠬᠠᠢ ᠬᠡᠢ ᠬᠡᠷᠡᠭᠯᠡᠬᠦ ᠲᠥᠬᠦᠭᠡᠷᠦᠮᠵᠢ ᠨᠢ ᠲᠣᠭᠲᠠᠭᠠᠯ ᠳᠤ ᠨᠡᠶᠢᠴᠡᠬᠦ ᠡᠰᠡᠬᠦ᠂ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠨᠢ ᠬᠤᠷᠴᠠ ᠰᠡᠷᠭᠡᠭ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠦᠨᠡᠮᠯᠡᠯ ᠦᠭᠡᠢ ᠪᠠᠷ ᠠᠵᠢᠯᠯᠠᠵᠤ ᠪᠠᠶᠢᠬᠤ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠪᠠᠶᠢᠴᠠᠭᠠᠨ ᠦᠵᠡᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠵᠠᠰᠠᠪᠤᠷᠢ ᠣᠷᠤᠭᠤᠯᠵᠤ ᠂ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠠᠮᠤᠷ ᠲᠦᠪᠰᠢᠨ ᠤ ᠬᠡᠮ ᠰᠣᠭᠤᠭ ᠢ ᠦᠯᠡᠳᠡᠭᠡᠬᠦ ᠦᠭᠡᠢ ᠪᠠᠶᠢᠬᠤ ᠎ ᠶᠢ ᠪᠠᠷᠢᠮᠲᠠᠯᠠᠪᠠ᠃ ᠣᠲᠣ ᠪᠣᠯᠲᠠᠯ᠎ᠠ᠂ ᠬᠤᠳᠠᠯᠳᠤᠭᠠᠨ ᠤ ᠬᠡᠷᠡᠭᠯᠡᠭᠴᠢ 22 ᠡᠷᠦᠬᠡ᠂ ᠰᠠᠭᠤᠭᠠᠯᠢ ᠠᠷᠠᠳ ᠤᠨ ᠬᠡᠷᠡᠭᠯᠡᠭᠴᠢ 150 ᠡᠷᠦᠬᠡ᠂ ᠰᠢᠲᠠᠮᠠᠬᠠᠢ ᠬᠡᠢ ᠶᠢᠨ ᠲᠠᠯᠠᠪᠤᠷ ᠥᠷᠲᠡᠭᠡ ᠪᠠ ᠯᠣᠩᠬᠤᠨ ᠳᠤ ᠰᠠᠪᠠᠯᠠᠭᠰᠠᠨ ᠬᠡᠢ ᠬᠠᠩᠭᠠᠬᠤ ᠥᠷᠲᠡᠭᠡ 2᠎ ᠶᠢ ᠵᠢᠭᠰᠠᠭᠠᠨ ᠪᠠᠶᠢᠴᠠᠭᠠᠵᠤ᠂ ᠭᠡᠮ ᠰᠤᠭᠤᠭ 2᠎ ᠢ ᠵᠢᠭᠰᠠᠭᠠᠨ ᠪᠠᠶᠢᠴᠠᠭᠠᠵᠤ ᠭᠠᠷᠭᠠᠭᠠᠳ᠂ ᠣᠲᠣ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃
2_副本.jpg
       ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠠ ᠤᠬᠠᠭᠤᠯᠭ᠎ᠠ ᠶᠢ ᠴᠢᠩᠭᠠᠳᠬᠠᠪᠠ    ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠰ ᠪᠠᠯᠭᠠᠰᠤᠨ ᠤ ᠪᠣᠳᠠᠲᠤ ᠪᠠᠶᠢᠳᠠᠯ ᠳᠤ ᠴᠢᠭᠯᠡᠭᠦᠯᠦᠨ ︽ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾᠎ ᠢ ᠳᠣᠷᠣᠭᠰᠢ ᠪᠠᠭᠤᠯᠭᠠᠵᠤ᠂ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠢ ᠲᠣᠭᠲᠠᠭᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠪᠥᠷᠢᠨᠰᠢᠭᠦᠯᠪᠡ︔ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ᠂ ᠪᠠᠶᠢᠩᠭᠤ ᠬᠡᠷᠡᠭᠯᠡᠬᠦ ᠪᠠᠶᠢᠴᠠᠭᠠᠯᠲᠠ ᠶᠢᠨ ᠠᠷᠭ᠎ᠠ ᠵᠢᠴᠢ ᠪᠠᠶᠢᠩᠭᠤ ᠲᠣᠬᠢᠶᠠᠯᠳᠤᠬᠤ ᠠᠰᠠᠭᠤᠳᠠᠯ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ ᠃    ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾᠎ ᠶᠢᠨ ᠬᠡᠯᠪᠡᠷᠢ ᠪᠠᠷ ᠳᠠᠮᠵᠢᠭᠤᠯᠤᠨ᠂ ᠸᠢᠴᠠᠲ ᠬᠤᠯᠪᠤᠭ᠎ᠠ ᠂ ᠰᠥᠯᠵᠢᠶᠡᠨ ᠨᠡᠪᠲᠡᠷᠡᠯ᠂ ᠸᠢᠴᠠᠲ ᠨᠡᠶᠢᠲᠡ ᠶᠢᠨ ᠳ᠋ᠤᠭᠠᠷ᠂ LED ᠳᠡᠯᠭᠡᠴᠡ᠂ ᠤᠬᠠᠭᠤᠯᠭ᠎ᠠ ᠶᠢᠨ ᠬᠠᠭᠤᠳᠠᠰᠤ ᠶᠢ ᠠᠰᠢᠭᠯᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢ ᠬᠦᠷᠭᠡᠵᠦ᠂ ᠬᠠᠷᠢᠶ᠎ᠠ ᠣᠷᠣᠨ ᠤ ᠵᠡᠭᠡᠯᠢ ᠳᠠᠭᠠᠤ ᠬᠤᠳᠠᠯᠳᠤᠭᠠᠴᠢᠨ  ᠡᠷᠦᠬᠡ ᠎ ᠳᠤ ᠣᠷᠤᠵᠤ᠂ ᠰᠠᠭᠤᠭᠠᠯᠢ ᠠᠷᠠᠳ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠰᠢᠲᠠᠮᠠᠬᠠᠢ ᠬᠡᠢ ᠶᠢ ᠵᠥᠪ ᠬᠡᠷᠡᠭᠯᠡᠬᠦ ᠠᠷᠭ᠎ᠠ ᠶᠢ ᠬᠥᠯᠢᠴᠡᠩᠭᠦᠢ ᠲᠠᠶᠢᠯᠪᠤᠷᠢᠯᠠᠨ ᠥᠭᠴᠦ᠂ ᠰᠢᠲᠠᠮᠠᠬᠠᠢ ᠬᠡᠢ ᠶᠢᠨ ᠬᠤᠭᠤᠯᠠᠢ ᠱᠤᠭᠤᠮ ᠤᠨ ᠪᠠᠶᠢᠴᠠᠭᠠᠯᠲᠠ ᠶᠢ ᠴᠢᠩᠭᠠᠳᠬᠠᠨ᠂ ᠰᠠᠭᠤᠭᠠᠯᠢ ᠠᠷᠠᠳ ᠲᠤ ᠰᠢᠲᠠᠮᠠᠬᠠᠢ ᠬᠡᠢ ᠯᠡᠪᠡᠷᠡᠪᠡᠯ ᠴᠠᠭ ᠲᠤᠬᠠᠢ ᠳᠤᠨᠢ ᠬᠡᠢ ᠶᠢᠨ ᠢᠷᠡᠯᠲᠡ ᠶᠢᠨ ᠨᠡᠭᠡᠭᠡᠯᠭᠡ ᠶᠢ ᠬᠠᠭᠠᠵᠤ᠂ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ᠂ ᠭᠠᠯ ᠤᠨ ᠢᠷᠡᠯᠲᠡ ᠶᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ ᠵᠢᠴᠢ ᠲᠦᠷᠭᠡᠨ ᠲᠠᠷᠬᠠᠭᠠᠵᠤ ᠠᠮᠢ ᠵᠢᠭᠤᠲᠠᠬᠤ ᠠᠷᠭ᠎ᠠ ᠪᠠ ᠮᠡᠷᠭᠡᠵᠢᠯ ᠴᠢᠳᠠᠪᠤᠷᠢ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠠᠩᠬᠠᠷᠤᠭᠤᠯᠤᠨ ᠰᠠᠨᠠᠭᠤᠯᠵᠤ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠢᠲᠠᠮᠠᠬᠠᠢ ᠬᠡᠢ ᠶᠢᠨ ᠬᠠᠭᠤᠴᠢᠨ ᠭᠤᠮ ᠬᠤᠭᠤᠯᠠᠢ ᠶᠢᠨ ᠰᠡᠯᠪᠢᠭ ᠲᠣᠨᠤᠭ ᠵᠡᠷᠭᠡ ᠶᠢ ᠴᠠᠭ ᠲᠤᠬᠠᠢ ᠳᠤᠨᠢ ᠰᠣᠯᠢᠬᠤ ᠶᠢ ᠮᠡᠳᠡᠭᠳᠡᠨ ᠂ ᠬᠠᠷᠢᠶ᠎ᠠ ᠣᠷᠣᠨ ᠤ ᠳᠣᠲᠣᠷᠠᠬᠢ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠰᠢᠲᠠᠮᠠᠬᠠᠢ ᠬᠡᠢ ᠶᠢᠨ ᠯᠡᠪᠡᠷᠡᠯ ᠢ ᠪᠠᠴᠢᠮ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ ᠣᠲᠣ ᠪᠣᠯᠲᠠᠯ᠎ᠠ᠂ ᠲᠣᠰ ᠪᠠᠯᠭᠠᠰᠤ ᠨᠡᠶᠢᠲᠡ 1000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠠᠨᠠᠭᠤᠯᠤᠮᠵᠢ ᠶᠢ 20 ᠭᠠᠷᠤᠢ ᠬᠤᠪᠢ ᠨᠡᠶᠢᠲᠡᠯᠡᠵᠦ᠂ 40 ᠭᠠᠷᠤᠢ ᠬᠥᠮᠥᠨ ᠤᠳᠠᠭ᠎ᠠ ᠶᠢᠨ ᠠᠰᠠᠭᠤᠨ ᠯᠠᠪᠯᠠᠯᠲᠠ ᠶᠢ ᠭᠥᠯᠢᠶᠡᠨ ᠠᠪᠤᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ ᠂ ᠹᠧᠩ ᠱᠦᠢ ᠭᠧᠦ ᠪᠠᠯᠭᠠᠰᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠲᠠᠮᠠᠬᠠᠢ ᠬᠡᠢ ᠬᠡᠷᠡᠭᠯᠡᠳᠡᠭ ᠬᠥᠮᠥᠨ ᠬᠠᠷ᠎ᠠ ᠤᠯᠠᠨ ᠴᠤᠭᠯᠠᠷᠠᠳᠠᠭ ᠲᠠᠯᠠᠪᠤᠷ ᠢ ᠴᠢᠩᠭ᠎ᠠ ᠠᠩᠬᠠᠷᠴᠤ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠰᠢᠲᠠᠮᠠᠬᠠᠢ ᠬᠡᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ ᠂ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠥᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠥᠨᠡᠨ ᠬᠦ ᠪᠠᠲᠤᠯᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1