ᠶᠤᠸᠠᠨ ᠪᠦᠦ ᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/29
   
1_副本.jpg
       6 ᠰᠠᠷ᠎ᠠ ᠶᠢᠨ 28᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠱᠤᠸᠠᠩ ᠬᠤᠷᠠᠯ ᠳᠤ ᠣᠷᠣᠯᠴᠠᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ᠂ ᠢᠦᠢ ᠽᠦᠸᠧ ᠬᠤᠸ᠂ ᠳ᠋ᠢᠩ ᠰᠢᠶᠣᠣ ᠢᠦᠢ᠂ ᠯᠢᠦ ᠯᠢᠩ ᠶᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠨᠡᠶᠢᠲᠡ 27 ᠬᠥᠮᠥᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ︔ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠣᠭᠤᠷᠢᠨ ᠳᠤ ᠳᠡᠭᠡᠳᠦ ᠨᠠᠷᠢᠯᠢᠭ ᠣᠷᠣᠶᠢᠯᠠᠭᠰᠠᠨ ᠠᠵᠤ ᠦᠢᠯᠡᠰ ᠢ ᠣᠷᠣᠭᠤᠯᠤᠨ ᠠᠪᠴᠢᠷᠠᠬᠤ ᠪᠠ ᠲᠡᠳᠬᠦᠨ ᠳᠡᠮᠵᠢᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠪᠠ᠃    ᠯᠢᠦ ᠱᠤᠸᠠᠩ ᠮᠠᠨ ᠤ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯ ᠎ ᠤᠨ ᠲᠤᠬᠠᠢ ᠵᠢᠭᠠᠵᠤ ᠭᠠᠷᠭᠠᠭᠰᠠᠨ ᠨᠢ᠂ ᠨᠢᠭᠡ ᠳᠤ ᠂ ᠲᠣᠭᠤᠷᠢᠭ ᠤᠨ ᠳᠣᠲᠣᠷᠠᠬᠢ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠠᠭᠤᠳᠠᠯᠵᠤ᠂ ᠠᠵᠤ ᠠᠬᠤᠶᠢᠯᠠᠯ ᠢ ᠰᠢᠪᠠᠳᠠᠨ ᠦᠢᠯᠡᠳᠪᠦᠷᠢᠯᠡᠯ ᠤᠨ ᠡᠷᠴᠢᠮ ᠢ ᠨᠢ ᠴᠢᠩᠭᠠᠷᠠᠭᠤᠯᠤᠨ᠎ᠠ᠃ ᠬᠤᠶᠠᠷ ᠲᠤ ᠂ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠢ ᠴᠢᠩᠭ᠎ᠠ ᠠᠩᠬᠠᠷᠴᠤ ᠂ ᠬᠢᠵᠠᠭᠠᠷᠯᠠᠯ ᠳᠤ ᠬᠦᠷᠦᠮᠡᠭᠴᠡ ᠨᠢᠭᠡᠳᠬᠡᠨ᠎ᠡ ᠃ ᠭᠤᠷᠪᠠ ᠳᠤ ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ ᠪᠠ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ ᠲᠦᠷᠦᠯ ᠵᠦᠢᠯ ᠢ ᠪᠦᠬᠦ ᠲᠠᠯ᠎ᠠ ᠪᠠᠷ ᠡᠮᠬᠢᠯᠡᠵᠦ ᠂ ᠰᠢᠨ᠎ᠡ ᠨᠡᠮᠡᠭᠳᠡᠯ ᠤᠨ ᠴᠡᠭ ᠢ ᠰᠠᠶᠢᠲᠤᠷ ᠪᠣᠶᠢᠵᠢᠭᠤᠯᠤᠨ᠎ᠠ ᠃ ᠳᠥᠷᠪᠡ ᠳᠤ ᠂ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠢ ᠥᠷᠭᠡᠳᠬᠡᠵᠦ ᠂ ᠦᠢᠯᠡᠳᠬᠦᠨ ᠤ ᠦᠷᠳᠡᠭ ᠢ ᠨᠢ ᠳᠡᠭᠡᠭᠰᠢᠯᠡᠭᠦᠯᠵᠦ ᠂ ᠠᠯᠢ ᠲᠦᠷᠭᠡᠨ ᠢᠶᠠᠷ ᠠᠵᠢᠯ ᠢ ᠨᠢ ᠰᠡᠷᠭᠦᠭᠡᠵᠦ ᠦᠢᠯᠡᠳᠪᠦᠷᠢᠯᠡᠯ ᠢ ᠨᠢ ᠰᠡᠷᠭᠦᠭᠡᠨ᠎ᠡ ᠃    ᠸᠠᠩ ᠵᠧᠨ ᠯᠢᠶᠠᠩ ᠴᠢᠬᠤᠯᠠᠴᠢᠯᠠᠭᠰᠠᠨ ᠨᠢ ᠂ ᠰᠠᠶᠢᠨ ᠰᠠᠶᠢᠬᠠᠨ ᠠᠵᠤ ᠠᠬᠤᠢ ᠶᠢᠨ ᠡᠷᠭᠢᠯᠲᠡ ᠶᠢᠨ ᠬᠠᠨᠳᠤᠰᠢ ᠶᠢ ᠪᠠᠲᠤᠯᠠᠵᠤ ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ ᠂ ᠰᠡᠷᠭᠦᠯᠲᠡ ᠶᠢᠨ ᠳᠤᠮᠳᠠ ᠰᠠᠶᠢᠵᠢᠷᠠᠬᠤ ᠬᠠᠨᠳᠤᠰᠢ ᠶᠢ ᠤᠭᠲᠤᠵᠤ ᠂ ᠤᠳᠤ ᠶᠢᠨ ᠠᠮᠵᠢᠯᠲᠠ ᠪᠠᠨ ᠪᠠᠬᠢᠵᠢᠭᠦᠯᠵᠦ ᠂ ᠲᠤᠰ ᠪᠡᠶ᠎ᠡ ᠶᠢᠨ ᠣᠨᠴᠠᠯᠢᠭ ᠲᠠᠭᠠᠨ ᠰᠠᠭᠤᠷᠢᠯᠠᠨ᠂ ᠠᠷᠠᠳ ᠤᠨ ᠠᠮᠢᠳᠤᠷᠠᠯ ᠢ ᠪᠠᠲᠤᠯᠠᠬᠤ ᠂ ᠠᠵᠢᠯ ᠣᠯᠭᠤᠯᠲᠠ ᠶᠢ ᠥᠷᠭᠡᠳᠬᠡᠬᠦ ᠂ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠬᠦ ᠬᠡᠳᠦᠨ ᠵᠠᠩᠭᠢᠯᠠᠭ᠎ᠠ ᠶᠢᠨ ᠴᠡᠭ ᠢ ᠠᠳᠬᠤᠵᠤ ᠂ ᠦᠷᠭᠦᠯᠵᠢᠯᠡᠨ ᠬᠦᠴᠦᠯᠡᠵᠦ ᠂ ᠯᠠᠪᠳᠠᠭᠤᠨ ᠢᠶᠠᠷ ᠤᠷᠤᠭᠰᠢᠯᠠᠵᠤ ᠂ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠳᠠᠶᠢᠴᠢᠯᠠᠬᠤ ᠳᠤ ᠰᠠᠭᠤᠷᠢ ᠲᠠᠯᠪᠢᠬᠤ ᠬᠡᠷᠡᠭᠲᠡᠢ ︔ ᠣᠷᠣᠨ ᠪᠦᠰᠡ ᠶᠢᠨ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠳᠠᠪᠠᠭᠤᠯᠢᠭ ᠢᠶᠠᠨ ᠳᠠᠰᠤᠷᠠᠯᠳᠠ ᠦᠭᠡᠢ ᠥᠷᠭᠡᠳᠬᠡᠵᠦ ᠂ ︽ ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ  ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠨᠢᠭᠡᠳᠦᠭᠡᠷ ᠂ ᠬᠤᠶᠠᠳᠤᠭᠠᠷ ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠷ ᠴᠢᠷᠮᠠᠶᠢᠵᠤ ᠂ ᠭᠠᠵᠠᠷ ᠣᠷᠣᠨ ᠤ ᠪᠦᠬᠦᠶᠢᠯᠡ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠥᠨ᠂ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢ ᠨᠡᠮᠡᠭᠳᠡᠭᠦᠯᠵᠦ᠂ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ︔ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦᠨ ᠢ ᠨᠢᠭᠲᠠᠷᠠᠭᠤᠯᠵᠤ ᠂ ᠮᠠᠨ ᠤ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠷᠭᠦᠯᠵᠢᠯᠡᠨ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠮᠠᠨ ᠤ ᠲᠣᠭᠤᠷᠢᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠲᠣᠬᠢᠷᠠᠬᠤ ᠵᠠᠮ ᠢ ᠲᠦᠷᠦᠭᠦᠯᠡᠨ ᠰᠦᠪᠡᠭᠴᠢᠯᠡᠵᠦ ᠂ ᠮᠠᠨ ᠤ  ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
2_副本.jpg
       ᠬᠤᠷᠠᠯ ᠠᠴᠠ ᠡᠮᠦᠨ᠎ᠡ ᠂ ᠤᠯᠠᠭᠠᠨᠬᠠᠳᠠ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠬᠤᠷᠠᠯ ᠳᠤ ᠣᠷᠣᠯᠴᠠᠭᠰᠠᠳ ᠲᠤ ᠪᠠᠷ᠎ᠠ ᠪᠣᠯᠵᠤ ᠂ ᠤᠯᠠᠭᠠᠨᠬᠠᠳᠠ ᠶᠢᠨ ᠯᠢᠶᠠᠨ ᠢ ᠬᠡᠢ ᠪᠡᠶᠡᠲᠦ ᠶᠢᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠲᠠᠯ᠎ᠠ ᠨᠤᠲᠤᠭ ᠤᠨ ᠾᠥᠢ ᠰᠢᠶᠠᠩ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠤᠯᠠᠭᠠᠨᠬᠠᠳᠠ ᠶᠢᠨ ᠶᠤᠸᠠᠨ ᠶᠧ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠶᠢᠰᠦᠨ ᠠᠵᠤ ᠠᠬᠤᠶᠢᠯᠠᠯ ᠳᠤ ᠭᠦᠨᠵᠡᠭᠡᠶᠢᠷᠡᠵᠦ ᠂ ᠦᠢᠯᠡᠳᠪᠦᠷᠢᠯᠡᠯ ᠡᠵᠡᠩᠨᠡᠯᠲᠡ ᠵᠢᠴᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1