ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠲᠣᠰ ᠨᠢᠭᠡᠴᠢ ᠶᠢᠨ ᠲᠦᠷᠦᠭᠦᠯᠡᠨ ᠬᠠᠷᠢᠭᠤᠴᠠᠭᠰᠠᠨ ᠵᠥᠪᠰᠢᠶᠡᠷᠡᠭᠦᠯᠬᠦ ᠪᠠᠷ ᠪᠠᠶᠢᠭ᠎ᠠ | ᠲᠥᠷᠥᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠨᠢᠭᠡᠨᠲᠡ ᠮᠡᠳᠡᠭᠦᠯᠬᠦ ᠶᠣᠰᠣᠲᠠᠢ ᠶᠢ ᠨᠢ ᠪᠦᠬᠦᠨ ᠢ | ᠮᠡᠳᠡᠭᠦᠯᠵᠦ᠂ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠬᠦ ᠶᠢ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠨᠢᠳᠤᠨᠤᠨ ᠤ 7 ᠳ᠋ᠤᠭᠠᠷ ᠰᠠᠷ᠎ᠠ ᠶᠢᠨ | ᠰᠡᠭᠦᠯᠴᠢ ᠠᠴᠠ ᠡᠬᠢᠯᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ | ᠠᠵᠢᠯᠯᠠᠭ᠎ᠠ ᠶᠢ ᠡᠬᠢᠯᠡᠭᠦᠯᠵᠦ᠂ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠣᠯᠲᠠᠯ᠎ᠠ᠂ | ᠬᠡᠳᠦᠨ ᠠᠷᠪᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠣᠨ ᠲᠦᠮᠡ ᠭᠠᠷᠤᠢ ᠬᠢᠨᠠᠨ ᠵᠥᠪᠰᠢᠶᠡᠷᠡᠬᠦ ᠠᠵᠢᠯᠲᠠᠨ ᠤ | ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠵᠥᠪᠰᠢᠶᠡᠷᠡᠭᠦᠯᠬᠦ ᠪᠠᠷ | ᠪᠠᠶᠢᠭ᠎ᠠ ᠡᠬᠡ ᠲᠠᠩᠰᠠ ᠶᠢᠨ 8061 ᠲᠥᠷᠥᠯ ᠵᠦᠢᠯ ᠤᠨ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ | ᠵᠥᠪᠰᠢᠶᠡᠷᠡᠵᠦ᠂ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠵᠦ᠂ ᠨᠥᠬᠦᠪᠦᠷᠢᠯᠡᠨ ᠵᠥᠪᠰᠢᠶᠡᠷᠡᠬᠦ ᠡᠬᠡ | ᠲᠠᠩᠰᠠ ᠶᠢᠨ 1265 ᠲᠥᠷᠥᠯ ᠵᠦᠢᠯ ᠢ ᠪᠦᠬᠦᠨ ᠢ ᠭᠦᠢᠴᠡᠳᠬᠡᠨ ᠳᠠᠭᠤᠰᠬᠠᠪᠠ᠃ 8 ᠭᠤᠣᠯ ᠪᠣᠯᠬᠤ ᠬᠢᠨᠠᠨ | ᠵᠥᠪᠰᠢᠶᠡᠷᠡᠬᠦ ᠵᠦᠢᠯᠡᠰ ᠢ ᠬᠠᠷᠢᠭᠤᠴᠠᠵᠤ ᠪᠠᠶᠢᠭ᠎ᠠ 6 ᠬᠢᠨᠠᠨ ᠵᠥᠪᠰᠢᠶᠡᠷᠡᠬᠦ ᠲᠢᠩᠬᠢᠮ ᠲᠣᠪᠴᠢᠶ᠎ᠠ ᠴᠥᠮ | ᠬᠠᠷᠠᠭᠠᠯᠵᠠᠭᠰᠠᠨ ᠬᠢᠨᠠᠨ ᠵᠥᠪᠰᠢᠶᠡᠷᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠪᠡ᠃ ᠪᠣᠢ | ᠪᠦᠬᠦᠢ ᠠᠶᠢᠮᠠᠭ ᠬᠤᠲᠠ ᠴᠤ ᠬᠤᠯᠪᠣᠭᠳᠠᠯ ᠪᠦᠬᠦᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠨᠡᠶᠢᠲᠡᠯᠡᠵᠦ᠂ ᠠᠳᠠᠯᠢ ᠲᠥᠷᠥᠯ ᠤᠨ ᠠᠰᠠᠭᠤᠳᠠᠯ ᠤᠨ ᠳᠠᠭᠢᠵᠤ ᠡᠭᠦᠰᠬᠦ ᠶᠢ ᠡᠷᠡᠰ ᠬᠤᠷᠢᠭᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠵᠦ ᠬᠦᠴᠦᠯᠡᠭᠰᠡᠨ ᠪᠠ ᠪᠣᠳᠠᠲᠠᠢ ᠠᠵᠢᠯᠯᠠᠭᠰᠠᠨ ᠤ ᠰᠠᠶᠢᠨ ᠢᠶᠠᠷ ᠵᠥᠪᠰᠢᠶᠡᠷᠡᠭᠦᠯᠬᠦ ᠪᠠᠷ | ᠪᠠᠶᠢᠭ᠎ᠠ ᠲᠦᠷᠦᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠦᠷ᠎ᠡ ᠪᠦᠲᠦᠮᠵᠢ ᠣᠯᠵᠤ ᠴᠢᠳᠠᠭᠰᠠᠨ | ᠶᠤᠮ᠃ | ᠥᠨᠳᠥᠷ ᠪᠠᠶᠢᠷᠢ ᠠᠴᠠ ᠲᠦᠯᠬᠢᠨ ᠠᠬᠢᠭᠤᠯᠪᠠ᠃ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠲᠠᠢ | ᠰᠢᠢᠳᠪᠦᠷᠢᠯᠡᠬᠦ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ | ᠠᠵᠢᠯ ᠤᠨ ᠰᠡᠳᠬᠢᠮᠵᠢ ᠪᠠ ᠴᠢᠭᠯᠡᠯ ᠢ ᠲᠣᠳᠣᠷᠬᠠᠢ ᠵᠢᠭᠠᠵᠤ᠂ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠬᠦ ᠳᠤ ᠬᠦᠴᠦᠲᠡᠢ ᠳᠡᠮᠵᠢᠯᠭᠡ ᠬᠠᠩᠭᠠᠪᠠ︔ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ | ᠵᠦᠢᠯ ᠢ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠣᠯᠠᠨ ᠤᠳᠠᠭ᠎ᠠ ᠲᠤᠰᠬᠠᠢ ᠰᠡᠳᠦᠪ ᠢᠶᠠᠷ ᠰᠤᠳᠤᠯᠵᠤ᠂ | ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠤᠳᠤᠷᠢᠳᠤᠯᠭ᠎ᠠ ᠪᠠ ᠭᠠᠵᠠᠷ ᠲᠠᠰᠤᠭ ᠤᠨ ᠬᠢᠨ ᠦᠵᠦ | ᠲᠥᠯᠥᠪᠯᠡᠭᠡ ᠶᠢ ᠴᠢᠩᠭᠠᠳᠬᠠᠵᠤ᠂ ᠰᠢᠮᠳᠠᠭᠤᠯᠤᠨ ᠵᠢᠯᠤᠭᠤᠳᠴᠤ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ | ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠯᠦᠭᠡ | ︽ᠳᠠᠪᠬᠤᠷ ᠭᠠᠷ ᠤᠨ ᠥᠰᠥᠭ ᠵᠢᠷᠤᠬᠤ︾ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠴᠢᠩᠭᠠᠳᠬᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠪᠡ | ᠃ | ᠬᠡᠷᠡᠭᠵᠢᠭᠦᠯᠬᠦ ᠪᠠᠷᠢᠮᠵᠢᠶ᠎ᠠ ᠶᠢ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ︽︿ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ᠂ | ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾᠂ ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ | ᠬᠠᠭᠠᠰ ᠳᠤᠲᠠᠭᠤ ᠬᠠᠶᠠᠭᠳᠠᠭᠰᠠᠨ﹀ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠲᠤᠬᠠᠢ ᠵᠢᠯᠤᠭᠤᠳᠬᠤ | ᠰᠠᠨᠠᠯ︾ ᠢ ᠲᠤᠭᠤᠷᠪᠢᠭᠰᠠᠨ ᠪᠠ ᠳᠠᠷᠤᠮᠠᠯᠯᠠᠨ ᠲᠠᠷᠬᠠᠭᠠᠵᠤ᠂ ᠲᠦᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ᠂ | ᠰᠢᠢᠳᠪᠦᠷᠢᠯᠡᠬᠦ ᠱᠠᠭᠠᠷᠳᠠᠯᠭ᠎ᠠ᠂ ᠳ᠋ᠤᠭᠠᠷ ᠢ ᠬᠠᠰᠤᠬᠤ ᠴᠤᠪᠤᠷᠠᠯ ᠵᠡᠷᠭᠡ ᠶᠢ ᠲᠣᠳᠣᠷᠬᠠᠶᠢᠯᠠᠨ᠂ ᠲᠦᠢᠯᠪᠤᠷᠢᠲᠠᠢ | ᠰᠢᠢᠳᠪᠦᠷᠢᠯᠡᠬᠦ ᠠᠵᠢᠯᠯᠠᠭ᠎ᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠪᠠᠰᠠ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ | ᠬᠠᠮᠲᠤᠷᠠᠨ ︽ᠨᠥᠬᠦᠪᠦᠷᠢᠯᠡᠨ ᠭᠦᠢᠴᠡᠳᠬᠡᠬᠦ ᠭᠠᠷᠳᠠᠮ ᠢ ᠰᠢᠢᠳᠪᠦᠷᠢᠯᠡᠬᠦ ᠵᠢᠯᠣᠭᠤᠳᠤᠮᠵᠢ︾ ᠶᠢ ᠳᠠᠷᠤᠮᠠᠯᠯᠠᠨ | ᠲᠠᠷᠬᠠᠭᠠᠵᠤ᠂ ᠠᠵᠢᠯ ᠬᠢᠬᠦ ᠳᠤ ᠵᠢᠷᠤᠮᠯᠠᠬᠤ ᠠᠴᠠ ᠳᠦᠷᠢᠮ ᠲᠣᠭᠲᠠᠭᠠᠯ ᠲᠠᠢ ᠪᠣᠯᠭᠠᠪᠠ᠃ | ᠲᠦᠢᠯᠪᠤᠷᠢᠲᠠᠢ ᠰᠢᠢᠳᠪᠦᠷᠢᠯᠡᠬᠦ ᠡᠬᠡ ᠳᠠᠩᠰᠠ ᠶᠢ ᠪᠠᠶᠢᠭᠤᠯᠪᠠ᠃ ᠬᠢᠨᠠᠨ ᠵᠥᠪᠰᠢᠶᠡᠷᠡᠬᠦ ᠵᠦᠢᠯᠡᠰ ᠨᠢ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠳᠥᠷᠪᠡᠨ ᠱᠠᠲᠤᠨ ᠤ ᠬᠤᠯᠪᠣᠭᠳᠠᠯ ᠪᠦᠬᠦᠢ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠯᠪᠣᠭᠳᠠᠨ᠂ ᠤᠴᠢᠷ ᠶᠠᠪᠤᠳᠠᠯ ᠣᠯᠠᠨ ᠪᠠᠶᠢᠵᠤ᠂ 2016 | ᠣᠨ ᠠᠴᠠ ᠨᠠᠭᠠᠰᠢᠬᠢ ᠲᠦᠷᠦᠯ ᠵᠦᠢᠯ ᠲᠣᠭᠲᠠᠭᠠᠬᠤ ᠶᠢ ᠪᠡᠶᠡᠯᠡᠭᠦᠯᠦᠭᠰᠡᠨ 9.6 ᠲᠦᠮᠡᠨ ᠲᠦᠷᠦᠯ ᠵᠦᠢᠯ ᠳᠤ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 6 ᠡᠭᠡᠯᠵᠢ ᠶᠢᠨ | ᠡᠮᠬᠢᠯᠡᠵᠦ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ | ᠣᠶᠢᠯᠠᠭᠠᠵᠤ᠂ ᠲᠦᠢᠯᠪᠤᠷᠢᠲᠠᠢ ᠰᠢᠢᠳᠪᠦᠷᠢᠯᠡᠬᠦ ᠡᠬᠡ ᠲᠠᠩᠰᠠ ᠪᠠᠶᠢᠭᠤᠯᠵᠤ᠂ ᠭᠦᠢᠴᠡᠳᠬᠡᠬᠦ ᠬᠡᠷᠡᠭᠴᠡᠭᠡ | ᠱᠠᠭᠠᠷᠳᠠᠯᠭ᠎ᠠ ᠲᠠᠢ 8061 ᠲᠦᠷᠦᠯ ᠵᠦᠢᠯ ᠢ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠤᠨ ᠡᠬᠡ | ᠲᠠᠩᠰᠠᠨ ᠳᠤ ᠣᠷᠣᠭᠤᠯᠤᠨ᠂ ᠨᠥᠬᠦᠪᠦᠷᠢᠯᠡᠨ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ 1265 ᠲᠦᠷᠦᠯ | ᠵᠦᠢᠯ ᠢ ᠨᠥᠬᠦᠪᠦᠷᠢᠯᠡᠨ ᠵᠥᠪᠰᠢᠶᠡᠷᠡᠬᠦ ᠲᠦᠷᠦᠯ ᠵᠦᠢᠯ ᠤᠨ ᠡᠬᠡ ᠲᠠᠩᠰᠠᠨ ᠳᠤ ᠣᠷᠣᠭᠤᠯᠵᠤ᠂ | ᠰᠠᠨᠠᠭᠠᠴᠢᠯᠠᠭ᠎ᠠ ᠠᠴᠠ ᠪᠠᠨ ᠤᠷᠢᠳᠴᠢᠯᠡᠨ ᠦᠢᠯᠡᠴᠢᠯᠡᠬᠦ ᠪᠠᠷ ᠳᠠᠮᠵᠢᠭᠤᠯᠵᠤ᠂ ᠲᠣᠭᠲᠠᠭᠰᠠᠨ ᠴᠠᠭ ᠲᠤ ᠪᠠᠨ ᠥᠨᠳᠥᠷ | ᠦᠷ᠎ᠡ ᠪᠦᠲᠦᠮᠵᠢᠲᠡᠢ ᠭᠦᠢᠴᠡᠳᠬᠡᠬᠦ ᠶᠢ ᠪᠡᠶᠡᠯᠡᠭᠦᠯᠪᠡ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠮᠠᠨ ᠤ ᠣᠷᠣᠨ ︽ᠡᠳᠦᠷ ᠲᠤ ᠲᠣᠬᠢᠷᠠᠭᠤᠯᠬᠤ᠂ ᠭᠠᠷᠠᠭ ᠲᠤ | ᠲᠥᠯᠥᠪᠯᠡᠬᠦ᠂ ᠰᠠᠷ᠎ᠠ ᠳᠤ ᠮᠡᠳᠡᠭᠡᠯᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠵᠢᠯ ᠢ ᠡᠮᠬᠢ | ᠵᠢᠷᠤᠮ ᠲᠠᠢ ᠵᠣᠯᠭᠠᠭᠤᠯᠬᠤ᠂ ᠬᠦᠴᠦᠲᠡᠢ ᠠᠬᠢᠭᠤᠯᠬᠤ ᠪᠠ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠪᠠ᠃ | 12 ᠠᠶᠢᠮᠠᠭ ᠬᠤᠳᠠ ᠳᠤ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠦᠢᠯᠪᠤᠷᠢᠲᠠᠢ ᠰᠢᠢᠳᠪᠦᠷᠢᠯᠡᠭᠰᠡᠨ ᠢ ︽ | ᠡᠷᠬᠢᠨ ᠬᠠᠷᠠᠬᠤ︾ ᠠᠵᠢᠯ ᠢ ᠥᠷᠨᠢᠭᠦᠯᠵᠦ᠂ ᠡᠯ᠎ᠡ ᠭᠠᠵᠠᠷ ᠤᠨ ᠬᠢᠨ ᠤ ᠰᠢᠢᠳᠪᠦᠷᠢᠯᠡᠬᠦ ᠶᠣᠰᠣᠲᠠᠢ ᠶᠢ ᠨᠢ ᠪᠦᠬᠦᠨ ᠢ | ᠰᠢᠢᠳᠪᠦᠷᠢᠯᠡᠵᠦ᠂ ᠱᠠᠭᠠᠷᠳᠠᠯᠭ᠎ᠠ ᠶᠣᠰᠣᠭᠠᠷ ᠳ᠋ᠤᠭᠠᠷ ᠢ ᠨᠢ ᠬᠠᠰᠤᠬᠤ ᠶᠢ ᠪᠠᠲᠤᠯᠠᠪᠠ︔ 12345 ᠵᠠᠭᠠᠯᠳᠤᠵᠤ | ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠨᠡᠭᠡᠭᠡᠵᠦ᠂ ᠮᠡᠳᠡᠭᠦᠯᠦᠨ ᠲᠤᠰᠬᠠᠬᠤ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠤᠯᠠᠨ ᠲᠦᠮᠡᠨ ᠤ ᠲᠤᠰᠬᠠᠭᠰᠠᠨ ᠭᠥᠯᠢᠶᠡᠨ ᠠᠪᠴᠤ ᠰᠢᠢᠳᠪᠦᠷᠢᠯᠡᠬᠦ ᠶᠢ ᠤᠳᠠᠭᠠᠰᠢᠷᠠᠭᠤᠯᠤᠭᠰᠠᠨ᠂ | ᠬᠢᠨᠠᠨ ᠵᠥᠪᠰᠢᠶᠡᠷᠡᠬᠦ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠬᠢᠨᠠᠨ ᠵᠥᠪᠰᠢᠶᠡᠷᠡᠭᠡᠳᠦᠢ ᠵᠡᠷᠭᠡ ᠠᠰᠠᠭᠤᠳᠠᠯ ᠢ ᠴᠠᠭ | ᠲᠤᠬᠠᠢ ᠳᠤ ᠨᠢ ᠭᠥᠯᠢᠶᠡᠨ ᠠᠪᠴᠤ ᠰᠢᠢᠳᠪᠦᠷᠢᠯᠡᠪᠡ᠃ | ︽ᠳᠠᠷᠠᠭᠠᠴᠢ ᠶᠢᠨ ᠠᠯᠬᠤᠮ ᠳᠤ᠂ ᠪᠢᠳᠡ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠲᠤᠳᠬᠠᠬᠤ ᠪᠣᠯᠣᠨ᠎ᠠ᠃ ᠡᠭᠦᠨ ᠳᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ | ᠵᠦᠢᠯ ᠢ ᠲᠦᠢᠯᠪᠤᠷᠢᠲᠠᠢ ᠰᠢᠢᠳᠪᠦᠷᠢᠯᠡᠬᠦ ᠲᠤᠬᠠᠢ ᠨᠡᠶᠢᠲᠡᠯᠡᠭᠰᠡᠨ ᠤᠷᠳᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠯᠡᠵᠦ᠂ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠦᠯᠵᠢᠶᠡᠨ ᠳᠡᠭᠡᠷᠡᠬᠢ | ᠬᠢᠨᠠᠨ ᠵᠥᠪᠰᠢᠶᠡᠷᠡᠬᠦ ᠲᠠᠪᠴᠠᠩ ᠢ ᠲᠠᠰ ᠳᠡᠪᠰᠢᠭᠦᠯᠵᠦ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ | ᠃ ᠬᠠᠷᠭᠤᠭᠤᠯᠤᠨ ᠵᠥᠪᠰᠢᠶᠡᠷᠡᠬᠦ᠂ ᠪᠦᠷᠢᠳᠬᠡᠨ ᠳᠠᠩᠰᠠᠯᠠᠭᠤᠯᠬᠤ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ | ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠮᠢᠶ᠎ᠠ ᠪᠦᠬᠦᠢ ᠠᠰᠠᠭᠤᠳᠠᠯ ᠢ ᠴᠠᠭ | ᠲᠤᠬᠠᠢ ᠳᠤ ᠨᠢ ᠢᠯᠡᠷᠡᠭᠦᠯᠵᠦ ᠰᠢᠢᠳᠪᠦᠷᠢᠯᠡᠬᠦ ᠶᠢ ᠠᠬᠢᠭᠤᠯᠤᠨ᠎ᠠ᠃ ᠳᠣᠷᠣᠭᠰᠢ ᠪᠠᠭᠤᠯᠭᠠᠭᠰᠠᠨ ᠬᠢᠨᠠᠨ ᠵᠥᠪᠰᠢᠶᠡᠷᠡᠬᠦ | ᠡᠷᠬᠡ ᠶᠢᠨ ᠬᠡᠪᠴᠢᠶ᠎ᠡ ᠳᠤ ᠴᠢᠭᠯᠡᠭᠦᠯᠦᠨ᠂ ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ | ᠨᠤᠲᠤᠭ ᠤᠨ ᠭᠥᠯᠢᠶᠡᠨ ᠠᠪᠴᠤ ᠳᠡᠶᠢᠯᠬᠦ ᠶᠢ ᠪᠠᠲᠤᠯᠠᠨ᠎ᠠ᠃ ᠡᠭᠦᠨ ᠤ ᠬᠠᠮᠲᠤ᠂ ᠴᠢᠬᠤᠯᠠ ᠶᠡᠭᠡ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠦᠷᠭᠦᠯᠵᠢᠯᠡᠨ | ᠰᠠᠶᠢᠲᠤᠷ ᠬᠢᠨ᠎ᠡ᠃ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠪᠠᠶᠢᠭᠤᠯᠤᠭᠰᠠᠨ ᠤᠷᠢᠳᠴᠢᠯᠠᠨ ᠦᠢᠯᠡᠴᠢᠯᠡᠭᠡ | ᠬᠢᠬᠦ ᠪᠠ ᠲᠥᠪᠯᠡᠷᠡᠭᠦᠯᠦᠨ ᠥᠨᠳᠥᠷ ᠪᠦᠲᠦᠮᠵᠢᠲᠡᠢ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ | ᠂ ᠬᠦᠴᠦᠨ ᠪᠣᠯᠣᠨ ᠴᠠᠭ ᠢᠶᠠᠨ ᠲᠥᠪᠯᠡᠷᠡᠭᠦᠯᠦᠨ᠂ ᠨᠢᠭᠡᠳᠦᠯᠲᠡᠢ ᠬᠢᠨᠠᠨ ᠵᠥᠪᠰᠢᠶᠡᠷᠡᠬᠦ ᠪᠠᠷ ᠳᠠᠮᠵᠢᠭᠤᠯᠵᠤ᠂ ᠡᠮᠦᠨᠡᠬᠢ | ᠬᠤᠭᠤᠴᠠᠭᠠᠨ ᠤ ᠭᠠᠷᠳᠠᠮ ᠢ ᠲᠦᠷᠭᠡᠨ ᠭᠦᠢᠴᠡᠳᠬᠡᠵᠦ᠂ ᠴᠢᠬᠤᠯᠠ ᠶᠡᠭᠡ ᠲᠥᠷᠥᠯ ᠵᠦᠢᠯ ᠤᠨ ᠭᠤᠣᠯ ᠪᠣᠯᠬᠤ | ᠭᠠᠷᠳᠠᠮ ᠢ ᠪᠦᠷᠢᠨ ᠭᠦᠢᠴᠡᠳᠬᠡᠬᠦ ᠶᠢ ᠠᠬᠢᠭᠤᠯᠤᠨ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠳᠤ ᠲᠥᠬᠦᠮ ᠨᠥᠬᠦᠴᠡᠯ ᠬᠠᠩᠭᠠᠨ᠎ᠠ︾ ᠭᠡᠵᠦ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠬᠡᠯᠡᠪᠡ᠃ | |