ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠯᠡ ᠲᠣᠳᠣ ᠬᠤᠭᠤᠯᠠᠨ ᠭᠡᠷ︾ ᠪᠠᠶᠢᠭᠤᠯᠵᠤ ᠤᠯᠠᠨ ᠲᠦᠮᠡᠨ ᠢ ᠬᠤᠭᠤᠯᠠ ᠢᠳᠡᠬᠦ ᠳᠤ ᠨᠡᠩ ᠰᠠᠨᠠᠭ᠎ᠠ ᠠᠮᠤᠷ ᠪᠣᠯᠭᠠᠪᠠ
ᠨᠡᠶᠢᠲᠡᠯᠡᠭᠰᠡᠨ ᠴᠠᠭ᠄
2023/6/3
    ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ ᠢᠯᠡ ᠲᠣᠳᠣ ᠬᠤᠭᠤᠯᠠᠨ ᠭᠡᠷ︾ ᠪᠠᠶᠢᠭᠤᠯᠵᠤ ᠂ ᠤᠯᠠᠨ ᠲᠦᠮᠡᠨ ᠢ ᠬᠤᠭᠤᠯᠠ ᠢᠳᠡᠬᠦ ᠳᠤ ᠨᠡᠩ ᠰᠠᠨᠠᠭ᠎ᠠ ᠠᠮᠤᠷ ᠪᠣᠯᠭᠠᠪᠠ ᠃ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠢᠨᠲ᠋ᠧᠷ ᠰᠦᠯᠵᠢᠶ᠎ᠡ + ᠢᠯᠡ ᠲᠤᠳᠥ ᠭᠠᠯ ᠲᠣᠭᠤᠭ᠎ᠠ︾ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ AI ᠵᠢᠷᠤᠭ ᠳᠦᠷᠰᠦ ᠶᠢ ᠢᠯᠭᠠᠨ ᠲᠠᠨᠢᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠺᠣᠮᠫᠢᠦ᠋ᠲ᠋ᠧᠷ ᠂ ᠭᠠᠷ ᠤᠲᠠᠰᠤᠨ ᠤ APP ᠪᠣᠯᠣᠨ ᠵᠢᠵᠢᠭ ᠫᠷᠣᠭ᠍ᠷᠠᠮ ᠢᠶᠠᠷ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠦᠨᠡᠮᠯᠡᠯ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠲᠠᠰ᠂ ᠢᠳᠡᠭᠡᠨ ᠤ ᠲᠦᠭᠦᠬᠡᠢ ᠮᠠᠲ᠋ᠧᠷᠢᠶᠠᠯ  ᠎ ᠤᠨ ᠮᠥᠷᠳᠡᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠪᠠᠶᠢᠴᠠᠭᠠᠨ ᠥᠵᠡᠵᠦ ᠪᠠᠶᠢᠨ᠎ᠠ ᠃ ᠡᠭᠦᠨ ᠤ ᠬᠠᠮᠲᠤ᠂ ᠵᠣᠴᠢᠳ ᠳᠡᠯᠭᠡᠭᠦᠷ ᠤᠨ ᠬᠤᠶᠠᠷ ᠬᠡᠮᠵᠢᠯᠲᠦ ᠲᠡᠮᠳᠡᠭ ᠢ ᠰᠢᠷᠪᠢᠵᠦ᠂ ᠢᠳᠡᠭᠡᠨ ᠤᠮᠳᠠᠭᠠᠨ ᠤ ᠨᠢᠭᠡᠴᠢ ᠶᠢᠨ ᠲᠣᠭᠤᠭᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠵᠠᠩᠭᠢᠯᠠᠭ᠎ᠠ ᠶᠢᠨ ᠭᠤᠭᠴᠤᠭ᠎ᠠ ᠶᠢᠨ ᠪᠣᠯᠪᠠᠰᠤᠷᠠᠭᠤᠯᠤᠨ ᠦᠢᠯᠡᠳᠬᠦ ᠶᠠᠪᠤᠴᠠ ᠶᠢᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠂ ᠠᠰᠠᠭᠤᠳᠠᠯ ᠣᠯᠵᠤ ᠮᠡᠳᠡᠪᠡᠯ ᠲᠠᠪᠴᠠᠩ ᠤᠨ ︽ᠨᠢᠭᠡ ᠳᠠᠷᠤᠪᠴᠢ ᠪᠠᠷ ᠳᠡᠭᠡᠭᠰᠢ ᠮᠡᠳᠡᠭᠦᠯᠬᠦ︾ ᠵᠠᠭᠪᠤᠷ ᠢᠶᠠᠷ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠪᠣᠯᠣᠨ᠎ᠠ᠃ ᠵᠢᠯ ᠤᠨ ᠡᠬᠢᠨ ᠠᠴᠠ ᠨᠠᠭᠠᠰᠢ᠂ ᠮᠠᠨ ᠤ ᠲᠣᠭᠤᠷᠢᠭ ᠨᠢᠭᠡᠨᠲᠡ 229 ︽ ᠢᠯᠡ ᠲᠣᠳᠤ ᠬᠤᠭᠤᠯᠠᠨ ᠭᠡᠷ ︾᠎ ᠢ ᠪᠠᠶᠢᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢᠨ ᠨᠣᠷᠮ᠎ᠠ 90%᠎ ᠶᠢ ᠳᠠᠪᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1