2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/3
ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ         ᠶᠤᠸᠠᠨ ᠪᠣᠥ ᠱᠠᠨ ᠵᠠᠰᠠᠭ ᠲᠠᠷᠬᠠᠭᠠᠭᠰᠠᠨ〔2023〕 20 ᠳ᠋ᠤᠭᠠᠷ ᠲᠣᠭᠠᠲᠤ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ     ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄    ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ  ᠶᠢ ᠲᠡᠭᠦᠯᠳᠡᠷᠵᠢᠭᠦᠯᠬᠦ ᠶᠢᠨ ᠲᠥᠯᠥᠭᠡ᠂ ᠰᠢᠢᠳᠪᠦᠷᠢᠲᠦ ᠪᠣᠳᠣᠯᠭ᠎ᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠂ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠵᠡᠷᠭᠡ ᠵᠣᠷᠢᠭ ᠰᠠᠨᠠᠭ᠎ᠠ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ︽2023 ᠣᠨ ᠤ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾᠎ ᠢ ᠨᠠᠶᠢᠷᠠᠭᠤᠯᠤᠨ ᠵᠣᠬᠢᠶᠠᠵᠤ᠂ ᠲᠣᠭᠤᠷᠢᠭ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ ᠄    ᠨᠢᠭᠡ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠳᠠᠭᠠᠭᠠᠨ ᠭᠦᠢᠴᠡᠳᠬᠡᠬᠦ  ᠨᠢᠭᠡᠴᠢ ᠎ ᠨᠢ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠰᠢᠢᠳᠪᠦᠷᠢᠲᠦ ᠪᠣᠳᠣᠯᠭ᠎ᠠ ᠶᠢ ᠬᠠᠮᠲᠤ ᠪᠠᠷ ᠶᠠᠷᠢᠯᠴᠠᠬᠤ ᠵᠡᠷᠭᠡ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠢ ᠶᠣᠰᠣᠨ ᠤ᠂ ᠶᠠᠪᠤᠴᠠ ᠨᠢ ᠢᠯᠡ᠂ ᠬᠠᠷᠢᠭᠤᠴᠠᠯᠭ᠎ᠠ ᠨᠢ ᠲᠣᠳᠣᠷᠬᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠶᠠᠷ᠂ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠰᠢᠢᠳᠪᠦᠷᠢᠲᠦ ᠪᠣᠳᠣᠯᠭ᠎ᠠ ᠶᠢᠨ ᠲᠥᠷᠥᠯ ᠵᠦᠢᠯ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠤ ᠪᠣᠶ ᠪᠣᠯᠤᠭᠰᠠᠨ ᠲᠠᠰ ᠳᠠᠷᠠᠭᠠᠯᠠᠯ ᠤᠨ ᠭᠡᠷᠡᠴᠢᠯᠡᠬᠦ ᠮᠠᠲ᠋ᠧᠷᠢᠶᠠᠯ ᠢ ᠴᠠᠭ ᠲᠤᠬᠠᠢ ᠳᠤᠨᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠥᠬᠦ ᠶᠠᠪᠤᠴᠠ ᠶᠢ ᠲᠡᠮᠳᠡᠭᠯᠡᠬᠦ ᠶᠢ ᠪᠡᠶᠡᠯᠡᠭᠦᠯᠬᠦ ᠬᠡᠷᠡᠭᠲᠡᠢ᠃    ᠭᠤᠷᠪᠠ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠡᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ᠂ ᠡᠯ᠎ᠡ ᠳᠠᠭᠠᠭᠠᠨ ᠭᠦᠢᠴᠡᠳᠬᠡᠬᠦ ᠨᠢᠭᠡᠴᠢ ᠎ ᠨᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢᠨ ᠬᠠᠮᠲᠤ᠂ ᠲᠣᠭᠤᠷᠢᠭ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃ᠳᠠᠭᠠᠯᠳᠤᠭᠤᠯᠤᠯ᠄ 2023 ᠣᠨ ᠤ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ                      2023 ᠣᠨ ᠤ 5 ᠰᠠᠷ᠎ᠠ ᠶᠢᠨ 16ᠳᠠᠭᠠᠯᠳᠤᠭᠤᠯᠤᠯ ᠄    2023 ᠣᠨ ᠤ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠥᠢᠯᠡᠰ ᠤᠨ ᠭᠠᠷᠴᠠᠭ    ᠳ᠋ᠤᠭᠠᠷᠯᠠᠯ ᠄ 1    ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯ ᠤᠨ ᠨᠡᠷᠡᠶᠢᠳᠦᠯ ᠄ ᠶᠤᠸᠠᠨ ᠪᠦᠦ ᠱᠠᠨ ᠲᠣᠭᠤᠷᠢᠭ ᠤᠨ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ    ᠳᠠᠭᠠᠭᠠᠴᠢᠯᠠᠭᠰᠠᠨ ᠨᠢᠭᠡᠴᠢ᠄ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1