ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ | 2023 ᠣᠨ ᠤ 4 ᠰᠠᠷ᠎ᠠ ᠶᠢᠨ 17 | | 2022 ᠣᠨ ᠳᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠮᠠᠨ ᠤ ᠲᠣᠭᠤᠷᠢᠭ ᠤᠨ ᠠᠵᠤ | ᠦᠢᠯᠡᠰ ᠤᠨ ᠪᠦᠲᠦᠴᠡ ᠶᠢᠨ ᠵᠦᠢ ᠵᠣᠬᠢᠰ ᠦᠭᠡᠢ ᠵᠢᠴᠢ ᠣᠯᠠᠨ ᠵᠦᠢᠯ ᠤᠨ ᠵᠢᠱᠢᠭᠰᠡᠨ ᠬᠦᠴᠦᠨ ᠵᠦᠢᠯ ᠤᠨ | ᠳᠠᠭᠠᠷᠢᠯᠲᠠ ᠠᠴᠠ ᠪᠣᠯᠵᠤ᠂ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠥᠭ | ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ︽ᠨᠢᠭᠡ ᠬᠤᠲᠠ ᠭᠤᠷᠪᠠᠨ ᠰᠠᠭᠤᠷᠢᠨ ᠭᠠᠵᠠᠷ︾ | ᠢ ᠲᠣᠭᠲᠠᠭᠠᠵᠤ᠂ ︽ᠳᠥᠷᠪᠡ ᠶᠢ ᠳᠠᠬᠢᠨ ᠪᠠᠶᠢᠭᠤᠯᠬᠤ︾ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠪᠠᠴᠢᠮ ᠪᠠᠶᠢᠬᠤ᠂ ᠶᠡᠭᠡ ᠬᠡᠮᠵᠢᠶᠡᠨ ᠤ ᠲᠠᠸᠠᠷ ᠪᠠ ᠲᠦᠭᠦᠬᠡᠢ | ᠮᠠᠲ᠋ᠧᠷᠢᠶᠠᠯ ᠤᠨ ᠦᠨ᠎ᠡ ᠬᠠᠩᠰᠢ ᠥᠰᠬᠦ ᠵᠡᠷᠭᠡ ᠨᠠᠵᠠᠭᠠᠢ ᠨᠥᠯᠥᠭᠡ ᠶᠢ ᠢᠳᠡᠪᠬᠢᠲᠡᠢ ᠠᠷᠭᠠᠴᠠᠵᠤ᠂ ᠪᠥᠬᠦ | ᠲᠣᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠬᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ | ᠠᠪᠴᠢᠷᠠᠪᠠ ᠃ | ᠨᠢᠭᠡ ᠂ ᠶᠡᠷᠦᠩᠬᠡᠶᠢᠯᠡᠯ | ᠠᠩᠬ᠎ᠠ ᠠᠯᠬᠤᠮ ᠤᠨ ᠲᠣᠭᠠᠴᠠᠭᠠᠯᠲᠠ ᠪᠠᠷ ᠂ 2022 ᠣᠨ ᠳᠤ ᠂ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ ᠨᠢ〔2〕207.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ | ᠬᠢ ᠠᠴᠠ 1.2% ᠪᠠᠷ ᠨᠡᠮᠡᠭᠳᠡᠪᠡ ᠃ | ᠡᠭᠦᠨ ᠳᠤ ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ ᠨᠢ 28.7 ᠳ᠋ᠦᠩᠰᠢᠭᠤᠷ ᠲᠥᠭᠦᠷᠢᠭ ᠲᠤ | ᠬᠦᠷᠴᠦ ᠂ ᠠᠳᠠᠯᠢ ᠬᠤᠭᠤᠴᠠᠭᠠᠨ ᠤ ᠬᠢ ᠠᠴᠠ 3.6% ᠨᠡᠮᠡᠭᠳᠡᠵᠦ ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ ᠨᠢ 108.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% | ᠪᠠᠭᠤᠷᠠᠵᠤ ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 70.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠪᠡ᠃ | ᠭᠤᠷᠪᠠᠨ ᠠᠵᠤ ᠦᠢᠯᠡᠰ ᠤᠨ ᠪᠦᠲᠦᠴᠡ ᠨᠢ 13.8᠄ 52.3᠄ 33.9 ᠪᠣᠯᠣᠨ᠎ᠠ ᠂ ᠬᠥᠮᠥᠨ ᠪᠦᠷᠢ ᠳᠤ | ᠳᠤᠮᠳᠠᠴᠢ ᠪᠠᠷ ᠨᠣᠭᠳᠠᠬᠤ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠨᠢ 74149 ᠲᠥᠭᠦᠷᠢᠭ ᠲᠤ | ᠬᠦᠷᠴᠦ ᠂ ᠲᠦᠷᠦᠭᠦᠦ ᠵᠢᠯ ᠤᠨ ᠬᠢ ᠠᠴᠠ 2.4% ᠪᠠᠷ ᠨᠡᠮᠡᠭᠳᠡᠪᠡ ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 27.81 | ᠲᠦᠮᠡ ᠳᠤ ᠬᠦᠷᠴᠦ᠂ ᠲᠦᠷᠦᠭᠦᠸ ᠵᠢᠯ ᠤᠨ ᠡᠴᠦᠰ ᠤᠨ ᠬᠢ ᠠᠴᠠ 0.39 ᠲᠦᠮᠡ ᠪᠠᠭᠠᠰᠪᠠ᠃ ᠡᠭᠦᠨ ᠤ | ᠳᠣᠲᠣᠷ᠎ᠠ ᠬᠤᠲᠠ ᠪᠠᠯᠭᠠᠰᠤᠨ ᠤ ᠬᠥᠮᠥᠨ ᠠᠮᠠ 21.52 ᠲᠦᠮᠡ᠂ ᠬᠥᠳᠡᠭᠡ ᠲᠣᠰᠬᠤᠨ ᠤ ᠬᠥᠮᠥᠨ ᠠᠮᠠ 6.29 | ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠢ 77. | 38‰ ᠳᠤ ᠬᠦᠷᠴᠦ᠂ ᠲᠦᠷᠦᠭᠦᠸ ᠵᠢᠯ ᠤᠨ ᠬᠢ ᠠᠴᠠ 0.75 ᠵᠠᠭᠤᠨ ᠤ ᠨᠢᠭᠡᠴᠢ ᠥᠨᠳᠥᠷ ᠪᠣᠯᠪᠠ᠂ ᠪᠥᠬᠦ | ᠵᠢᠯ ᠳᠤ ᠲᠥᠷᠥᠭᠰᠡᠨ ᠬᠥᠮᠥᠨ ᠠᠮᠠ 1300 ᠪᠠᠶᠢᠵᠤ᠂ ᠲᠥᠷᠥᠭᠰᠡᠨ ᠨᠣᠷᠮ᠎ᠠ ᠨᠢ 4.64‰ ᠪᠤᠯᠵᠤ᠂ 2400 | ᠬᠥᠮᠥᠨ ᠠᠮᠠ ᠦᠬᠦᠵᠦ᠂ ᠦᠬᠦᠬᠦ ᠨᠤᠷᠮ᠎ᠠ ᠨᠢ 8.57‰ ᠪᠣᠯᠵᠠᠢ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 30. | 60 ᠲᠦᠮᠡ ᠪᠠᠶᠢᠵᠤ᠂ ᠲᠦᠷᠦᠭᠦᠸ ᠵᠢᠯ ᠤᠨ ᠡᠴᠦᠰ ᠤᠨ ᠬᠢ ᠠᠴᠠ 0.24 ᠲᠦᠮᠡ ᠪᠠᠭᠠᠰᠪᠠ᠃ | ᠪᠦᠬᠦ ᠵᠢᠯ ᠳᠤ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠥᠨ ᠤ ᠲᠤᠭ᠎ᠠ 2770 ᠪᠣᠯᠵᠤ᠂ | ᠠᠵᠢᠯ ᠣᠯᠬᠤ ᠳᠤ ᠬᠦᠴᠢᠷᠲᠡᠢ 1141 ᠬᠥᠮᠥᠨ ᠳᠤ ᠠᠵᠢᠯ ᠣᠯᠭᠤᠵᠤ ᠂ 2339 ᠠᠵᠢᠯ ᠠᠯᠳᠠᠭᠰᠠᠳ ᠲᠤ | ᠲᠠᠬᠢᠨ ᠠᠵᠢᠯ ᠣᠯᠭᠤᠪᠠ᠃ | ᠬᠤᠶᠠᠷ ᠂ ᠲᠠᠷᠢᠶᠠᠯᠠᠩ ᠮᠠᠯ ᠠᠵᠤ ᠠᠬᠤᠢ | 2022 ᠣᠨ ᠳᠤ ᠂ ᠲᠠᠷᠢᠮᠠᠯ ᠤᠨ ᠲᠠᠷᠢᠮᠠᠯ ᠤᠨ ᠳᠠᠯᠠᠪᠠᠢ ᠨᠢ 28297.9 ᠡᡁᠥᠺᠲ᠋ᠠᠷ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 930.2 ᠡᡁᠥᠺᠲ᠋ᠠᠷ ᠨᠡᠮᠡᠭᠳᠡᠵᠦ ᠂ 3.4% ᠢᠶᠠᠷ ᠨᠡᠮᠡᠭᠳᠡᠵᠡᠢ ᠃ | ᠡᠭᠦᠨ ᠳᠤ᠄ ᠠᠮᠤ ᠪᠤᠳᠠᠭᠠᠨ ᠤ ᠲᠠᠷᠢᠮᠠᠯ ᠤᠨ ᠳᠠᠷᠢᠭᠰᠠᠨ ᠲᠠᠯᠠᠪᠠᠶ ᠨᠢ 24484.0 ᠾᠧᠺᠲ᠋ᠠᠷ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 401 ᠾᠧᠺᠲ᠋ᠠᠷ ᠨᠡᠮᠡᠭᠳᠡᠨ᠂ 1.7% ᠪᠠᠷ ᠨᠡᠮᠡᠭᠳᠡᠪᠡ᠃ | ᠡᠭᠦᠨ ᠳᠤ᠄ ᠡᠷᠳᠡᠨᠢ ᠰᠢᠰᠢ ᠳᠠᠷᠢᠬᠤ ᠲᠠᠯᠠᠪᠠᠶ ᠨᠢ 17368.8 ᠾᠧᠺᠲ᠋ᠠᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 2826.6 ᠾᠧᠺᠲ᠋ᠠᠷ ᠨᠡᠮᠡᠭᠳᠡᠵᠦ᠂ 19.4% ᠨᠡᠮᠡᠭᠳᠡᠪᠡ ᠂ ᠰᠢᠷ᠎ᠠ ᠪᠤᠷᠴᠠᠭ ᠳᠠᠷᠢᠬᠤ | ᠲᠠᠯᠠᠪᠠᠶ ᠨᠢ 1370.1 ᠾᠧᠺᠲ᠋ᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 396.1 ᠾᠧᠺᠲ᠋ᠠᠷ ᠨᠡᠮᠡᠭᠳᠡᠵᠦ | ᠂ 40.7% ᠨᠡᠮᠡᠭᠳᠡᠵᠡᠢ᠂ ᠠᠵᠤ ᠠᠬᠤᠢ ᠶᠢᠨ ᠲᠠᠷᠢᠮᠠᠯ ᠤᠨ ᠳᠠᠷᠢᠬᠤ ᠲᠠᠯᠠᠪᠠᠶ ᠨᠢ 3813.9 ᠾᠧᠺᠲ᠋ᠠᠷ ᠪᠠᠶᠢᠵᠤ | ᠂ ᠠᠳᠠᠯᠢ ᠬᠤᠭᠤᠴᠠᠭᠠᠨ ᠤ ᠬᠢ ᠠᠴᠠ 529.3 ᠾᠧᠺᠲ᠋ᠠᠷ ᠨᠡᠮᠡᠭᠳᠡᠨ᠂ 16.1% ᠨᠡᠮᠡᠭᠳᠡᠵᠡᠢ᠃ | 2022 ᠣᠨ ᠳᠤ ᠂ ᠠᠮᠤ ᠪᠤᠳᠠᠭᠠᠨ ᠤ ᠲᠠᠷᠢᠮᠠᠯ ᠤᠨ ᠤᠨᠠᠯᠲᠠ ᠨᠢ 202610 ᠲᠣᠨ ᠳᠤ ᠬᠦᠷᠴᠦ ᠂ ᠠᠳᠠᠯᠢ | ᠬᠤᠭᠤᠴᠠᠭᠠᠨ ᠤ ᠬᠢ ᠠᠴᠠ 9768 ᠲᠣᠨ ᠨᠡᠮᠡᠭᠳᠡᠵᠦ ᠂ 5.1% ᠢᠶᠠᠷ ᠨᠡᠮᠡᠭᠳᠡᠵᠡᠢ ᠃ | ᠡᠭᠦᠨ ᠳᠤ᠄ ᠡᠷᠳᠡᠨᠢ ᠰᠢᠰᠢ ᠶᠢᠨ ᠤᠨᠠᠯᠲᠠ ᠨᠢ 182378 ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 18055 ᠲᠣᠨ ᠨᠡᠮᠡᠭᠳᠡᠨ᠂ 11.0% ᠨᠡᠮᠡᠭᠳᠡᠵᠡᠢ ᠂ ᠰᠢᠷ᠎ᠠ ᠪᠤᠷᠴᠠᠭ ᠤᠨ ᠭᠠᠷᠤᠯᠲᠠ ᠨᠢ 1631 | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 503 ᠲᠣᠨ ᠨᠡᠮᠡᠭᠳᠡᠵᠦ᠂ 44.6% ᠨᠡᠮᠡᠭᠳᠡᠵᠡᠢ ᠂ | ᠲᠧᠭᠨᠢᠭ ᠤᠨ ᠲᠠᠷᠢᠮᠠᠯ ᠤᠨ ᠳᠣᠲᠣᠷ᠎ᠠ ᠂ ᠲᠣᠰᠣᠯᠢᠭ ᠲᠠᠷᠢᠮᠠᠯ ᠤᠨ ᠭᠠᠷᠤᠯᠲᠠ ᠨᠢ 279 ᠲᠣᠨ ᠳᠤ ᠬᠦᠷᠴᠦ᠂ | ᠲᠦᠷᠦᠭᠦᠦ ᠵᠢᠯ ᠤᠨ ᠬᠢ ᠠᠴᠠ 583 ᠲᠣᠨ ᠬᠠᠰᠤᠭᠳᠠᠵᠤ ᠂ 67.7% ᠪᠠᠷ ᠪᠠᠭᠤᠷᠠᠪᠠ ᠂ ᠰᠢᠬᠢᠷ ᠯᠤᠤᠪᠠᠩ ᠤᠨ | ᠭᠠᠷᠤᠯᠲᠠ ᠨᠢ 21419 ᠲᠣᠨ ᠳᠤ ᠬᠦᠷᠴᠦ ᠂ ᠲᠦᠷᠦᠭᠦᠦ ᠵᠢᠯ ᠤᠨ ᠬᠢ ᠠᠴᠠ 124 ᠲᠣᠨ ᠨᠡᠮᠡᠭᠳᠡᠵᠦ ᠂ 0. | 6% ᠪᠠᠷ ᠨᠡᠮᠡᠭᠳᠡᠵᠡᠢ ᠂ ᠢᠳᠡᠰᠢᠨ ᠨᠣᠭᠤᠭ᠎ᠠ ᠵᠢᠴᠢ ᠢᠳᠡᠭᠡᠨ ᠤ ᠪᠠᠺᠲ᠋ᠧᠷᠢ ᠶᠢᠨ ᠭᠠᠷᠤᠯᠲᠠ ᠨᠢ 85468 | ᠲᠣᠨ ᠳᠤ ᠬᠦᠷᠴᠦ ᠂ ᠲᠦᠷᠦᠭᠦᠦ ᠵᠢᠯ ᠤᠨ ᠬᠢ ᠠᠴᠠ 5442 ᠲᠣᠨ ᠨᠡᠮᠡᠭᠳᠡᠵᠦ ᠂ 6.8% ᠪᠠᠷ ᠨᠡᠮᠡᠭᠳᠡᠪᠡ ᠂ | ᠵᠢᠮᠢᠰ ᠤᠨ ᠪᠦᠬᠦ ᠭᠠᠷᠤᠯᠲᠠ ᠨᠢ 11613 ᠲᠣᠨ ᠳᠤ ᠬᠦᠷᠴᠦ ᠂ ᠲᠦᠷᠦᠭᠦᠦ ᠵᠢᠯ ᠤᠨ ᠬᠢ ᠠᠴᠠ 5156 ᠲᠣᠨ | ᠨᠡᠮᠡᠭᠳᠡᠵᠦ ᠂ 79.9% ᠪᠠᠷ ᠨᠡᠮᠡᠭᠳᠡᠵᠡᠢ ᠃ | ᠭᠤᠷᠪᠠ ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | 2022 ᠣᠨ ᠳᠤ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢ 91.93 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠢᠶᠠᠷ ᠪᠠᠭᠤᠷᠠᠪᠠ᠃ | ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 0.1% ᠨᠡᠮᠡᠭᠳᠡᠪᠡ᠃ | 49 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ | ᠭᠤᠣᠯ ᠦᠢᠯᠡᠳᠬᠦᠨ ᠤ ᠳᠣᠲᠣᠷ᠎ᠠ᠂ ᠨᠡᠭᠦᠷᠡᠰᠦᠨ ᠤ ᠭᠠᠷᠤᠯᠲᠠ ᠨᠢ 1523.9 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 11.3% ᠢᠶᠠᠷ ᠪᠠᠭᠤᠷᠠᠪᠠ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ 87.5 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠪᠠᠭᠤᠷᠠᠪᠠ᠂ | ᠬᠡᠦᠷᠡᠰᠦ ᠶᠢᠨ ᠭᠠᠷᠤᠯᠲᠠ ᠨᠢ 59.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 0% ᠨᠡᠮᠡᠭᠳᠡᠪᠡ᠂ ᠱᠦᠢᠨᠢ ᠶᠢᠨ ᠭᠠᠷᠤᠯᠲᠠ ᠨᠢ 21.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 41.6% ᠢᠶᠠᠷ ᠪᠠᠭᠤᠷᠠᠪᠠ᠂ ᠰᠢᠩᠭᠡᠨ ᠪᠡᠶᠡᠲᠦ ᠰᠦᠨ ᠤ ᠭᠠᠷᠤᠯᠲᠠ ᠨᠢ 13.7 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠪᠠ᠂ ᠲᠠᠸᠠᠷ ᠤᠨ ᠪᠧᠲ᠋ᠤᠨ ᠤ ᠭᠠᠷᠤᠯᠲᠠ ᠨᠢ | 21.0 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% | ᠪᠠᠷ ᠪᠠᠭᠤᠷᠠᠪᠠ᠂ ᠲᠠᠷᠢᠶᠠᠯᠠᠩ ᠳᠤ ᠬᠡᠷᠡᠭᠯᠡᠬᠦ ᠠᠽᠣᠲ᠂ ᠹᠣᠰᠹᠣᠷ᠂ ᠺᠠᠯᠢ ᠶᠢᠨ ᠬᠢᠮᠢ ᠶᠢᠨ ᠪᠣᠷᠳᠣᠭᠤᠷ ᠤᠨ ᠭᠠᠷᠤᠯᠲᠠ | ᠨᠢ 37.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠭᠤᠷᠠᠪᠠ᠃ | 2022 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 238.13 | ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 2.0% ᠨᠡᠮᠡᠭᠳᠡᠪᠡ ︵ᠲᠠᠶᠢᠯᠪᠤᠷᠢ᠄ ᠲᠣᠰ ᠲᠤᠭ᠎ᠠ ᠪᠠᠷᠢᠮᠲᠠ ᠪᠣᠯ 2022 ᠣᠨ ᠤ 12 ᠰᠠᠷ᠎ᠠ ᠶᠢᠨ ᠡᠳ᠋ ᠤᠨ | ᠶᠠᠪᠤᠳᠠᠯ ᠤᠨ ᠰᠠᠷ᠎ᠠ ᠶᠢᠨ ᠮᠡᠳᠡᠭᠦᠯᠦᠯᠲᠡ ᠶᠢᠨ ᠲᠤᠭ᠎ᠠ ᠪᠠᠷᠢᠮᠲᠠ ᠪᠣᠯᠣᠨ᠎ᠠ︶᠂ ᠪᠥᠬᠦ ᠵᠢᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠨᠢ 96.7% ᠪᠣᠯᠣᠨ᠎ᠠ᠃ | 2022 ᠣᠨ ᠳᠤ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠨᠢ 16.67 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠢᠶᠠᠷ ᠨᠡᠮᠩᠳᠡᠵᠤ᠂ ᠪᠥᠬᠦ ᠲᠣᠭᠤᠷᠢᠭ ᠤᠨ | ᠶᠡᠷᠦᠩᠬᠡᠢ ᠳᠠᠭᠠᠭᠠᠴᠢᠯᠠᠯᠲᠠ ᠪᠠ ᠲᠤᠰᠬᠠᠢ ᠮᠡᠷᠭᠡᠵᠢᠯ ᠤᠨ ᠳᠠᠭᠠᠭᠠᠴᠢᠯᠠᠯᠲᠠ ᠶᠢᠨ ᠬᠢᠷᠢ ᠬᠡᠮ ᠤᠨ ᠵᠡᠷᠭᠡ ᠳᠡᠰ ᠲᠠᠢ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ 9 ᠭᠡᠷ ᠪᠠᠶᠢᠵᠤ᠂ ᠪᠠᠷᠢᠯᠭ᠎ᠠ ᠶᠢᠨ ᠠᠵᠤ ᠠᠬᠤᠶᠢᠯᠠᠯ ᠤᠨ | ᠪᠠᠷᠢᠯᠭ᠎ᠠ ᠶᠢᠨ ᠲᠠᠯᠠᠪᠠᠶ ᠨᠢ 40.16 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 40.8% ᠪᠠᠷ ᠪᠠᠭᠤᠷᠠᠪᠠ᠂ ᠪᠠᠷᠢᠯᠭ᠎ᠠ ᠳᠠᠭᠤᠰᠤᠭᠰᠠᠨ ᠭᠡᠷ ᠪᠠᠶᠢᠰᠢᠩ ᠤᠨ ᠲᠠᠯᠠᠪᠠᠶ 1. | 9 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94.3% ᠪᠠᠷ | ᠪᠠᠭᠤᠷᠠᠪᠠ᠂ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠨᠣᠷᠮ᠎ᠠ ᠨᠢ 4.7% ᠪᠣᠯᠪᠠ᠃ | ᠳᠥᠷᠪᠡ᠂ ᠦᠢᠯᠡᠴᠢᠯᠡᠭᠡᠨ ᠤ ᠦᠢᠯᠡᠰ | 2022 ᠣᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ | ᠨᠢ 10.9 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 1.4% ᠪᠠᠷ ᠪᠠᠭᠤᠷᠠᠪᠠ᠂ | ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠵᠢᠴᠢ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠨᠢ 9.6 | ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠪᠡ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ | ᠦᠢᠯᠡᠰ ᠤᠨ ᠨᠡᠮᠡᠭᠳᠡᠯ ᠥᠷᠲᠡᠭ ᠨᠢ 1.3 ᠳ᠋ᠦᠩᠰᠢᠭᠤᠷ ᠲᠥᠭᠦᠷᠢᠭ ᠪᠠᠶᠢᠵᠤ᠂ 13.3% ᠪᠠᠷ ᠪᠠᠭᠤᠷᠠᠪᠠ᠂ | ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ ᠨᠢ 12.6 ᠳ᠋ᠦᠩᠰᠢᠭᠤᠷ ᠲᠥᠭᠦᠷᠢᠭ ᠲᠤ ᠬᠦᠷᠴᠦ᠂ 1. | 1% ᠪᠠᠷ ᠨᠡᠮᠡᠭᠳᠡᠪᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠶᠢ | 7.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2.4% ᠪᠠᠷ ᠪᠠᠭᠤᠷᠠᠭᠤᠯᠤᠨ᠎ᠠ᠂ ᠪᠤᠰᠤᠳ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠨᠢ 27.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.4% ᠨᠡᠮᠡᠭᠳᠡᠪᠡ᠃ | ᠲᠠᠪᠤ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 2022 ᠣᠨ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 175 ︵ᠭᠡᠷ ᠪᠠᠶᠢᠰᠢᠩ | ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ ᠡᠭᠦᠨ ᠳᠤ 154 ᠲᠥᠷᠥᠯ ᠵᠦᠢᠯ ︵ᠭᠡᠷ | ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠡᠬᠢᠯᠡᠨ ᠠᠵᠢᠯᠯᠠᠵᠤ᠂ 64.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.3% ᠪᠠᠷ | ᠨᠡᠮᠡᠭᠳᠡᠪᠡ᠃ | ᠡᠭᠦᠨ ᠳᠤ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠᠨᠢ 1.6 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠭᠤᠷᠠᠪᠠ᠂ ᠬᠤᠶᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠨᠢ 43.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 111. | 9% ᠨᠡᠮᠡᠭᠳᠡᠪᠡ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠢ 19.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.7% ᠪᠠᠷ ᠪᠠᠭᠤᠷᠠᠪᠠ᠃ | ᠠᠷᠠᠳ ᠤᠨ ᠳᠤᠮᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 46.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠳᠤ ᠡᠵᠡᠯᠡᠬᠦ ᠬᠤᠪᠢ ᠶᠢᠨ ᠵᠢᠩ | ᠨᠢ 73.1% ᠳᠤ ᠬᠥᠷᠪᠡ᠃ | 2022 ᠣᠨ ᠳᠤ᠂ ᠪᠥᠬᠦ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠨᠢ 0.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 90.2% ᠪᠠᠭᠤᠷᠠᠪᠠ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ | 1.7 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83% ᠪᠠᠷ | ᠪᠠᠭᠤᠷᠠᠪᠠ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ ᠨᠢ 0.8 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88% ᠪᠠᠷ ᠪᠠᠭᠤᠷᠠᠪᠠ᠃ | ᠵᠢᠷᠭᠤᠭ᠎ᠠ ᠂ ᠤᠯᠤᠰ ᠤᠨ ᠳᠣᠲᠣᠭᠠᠳᠤ ᠶᠢᠨ ᠠᠷᠠᠯᠵᠢᠶ᠎ᠠ | 2022 ᠣᠨ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ ᠨᠢ 41.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0. | 7% ᠨᠡᠮᠡᠭᠳᠡᠪᠡ᠂ ᠡᠵᠡᠩᠨᠡᠯᠲᠡ ᠶᠢᠨ ᠭᠠᠵᠠᠷ ᠤᠨ ᠪᠦᠷᠢᠳᠬᠡᠯ ᠢᠶᠠᠷ᠂ ᠬᠤᠲᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ 33.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.0% ᠨᠡᠮᠡᠭᠳᠡᠪᠡ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠨᠢ 8.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 0.3% ᠪᠠᠷ ᠪᠠᠭᠤᠷᠠᠪᠠ᠂ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠨᠢ 35.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% | ᠪᠠᠭᠤᠷᠠᠵᠠᠢ ᠂ ᠬᠤᠭᠤᠯᠠᠨ ᠤ ᠵᠠᠷᠤᠳᠠᠯ ᠤᠨ ᠣᠷᠣᠯᠭ᠎ᠠ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 46.8% ᠨᠡᠮᠡᠭᠳᠡᠵᠡᠢ᠃ | 2022 ᠣᠨ ᠳᠤ᠂ ᠨᠡᠶᠢᠭᠡᠮ ᠤᠨ ᠲᠠᠸᠠᠷ ᠤᠨ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 72.25 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠪᠠᠭᠤᠷᠠᠪᠠ᠂ | ᠡᠭᠦᠨ ᠤ ᠳᠣᠲᠣᠷ᠎ᠠ ᠄ ᠪᠥᠭᠡᠮ ᠢᠶᠠᠷ ᠬᠤᠳᠠᠯᠳᠤᠬᠤ ᠦᠢᠯᠡᠰ 36.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ | 25% ᠪᠠᠷ ᠪᠠᠭᠤᠷᠠᠪᠠ ᠂ ᠵᠢᠵᠢᠭᠯᠡᠨ ᠬᠤᠳᠠᠯᠳᠤᠬᠤ ᠦᠢᠯᠡᠰ ᠨᠢ 32. 22 ᠳ᠋ᠦᠩᠰᠢᠭᠤᠷ ᠲᠥᠭᠦᠷᠢᠭ ᠲᠤ ᠬᠦᠷᠴᠦ ᠂ | 2.3% ᠪᠠᠷ ᠨᠡᠮᠡᠭᠳᠡᠪᠡ ᠂ ᠬᠤᠨᠣᠭᠯᠠᠬᠤ ᠦᠢᠯᠡᠰ ᠨᠢ 0.51 ᠳ᠋ᠦᠩᠰᠢᠭᠤᠷ ᠲᠥᠭᠦᠷᠢᠭ ᠲᠤ ᠬᠦᠷᠴᠦ᠂ 2. | 4% ᠪᠠᠷ ᠪᠠᠭᠤᠷᠠᠪᠠ᠂ ᠢᠳᠡᠭᠡᠨ ᠤᠮᠳᠠᠭᠠᠨ ᠤ ᠦᠢᠯᠡᠰ ᠨᠢ 3.07 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 13.4% ᠪᠠᠷ ᠪᠠᠭᠤᠷᠠᠪᠠ᠃ | ᠲᠤᠯᠤᠭ᠎ᠠ ᠂ ᠭᠠᠳᠠᠭᠠᠳᠤ ᠠᠵᠤ ᠠᠬᠤᠢ | 2022 ᠣᠨ ᠳᠤ ᠂ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠨᠢ 119.11 ᠳ᠋ᠦᠩᠰᠢᠭᠤᠷ ᠲᠥᠭᠦᠷᠢᠭ ︵ ᠠᠷᠠᠳ ᠤᠨ ᠵᠣᠭᠤᠰ ᠂ | ᠳᠣᠷᠣᠭᠰᠢ ᠠᠳᠠᠯᠢ ︶ ᠲᠤ ᠬᠦᠷᠴᠦ ᠂ ᠳᠡᠭᠡᠷ᠎ᠡ ᠵᠢᠯ ᠤᠨ ᠬᠢ ᠠᠴᠠ 34.96% ᠢᠶᠠᠷ ᠨᠡᠮᠡᠭᠳᠡᠵᠡᠢ ᠂ ᠡᠭᠦᠨ ᠤ | ᠳᠣᠲᠣᠷ᠎ᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 26.07 ᠳ᠋ᠦᠩᠰᠢᠭᠤᠷ ᠲᠥᠭᠦᠷᠢᠭ ᠲᠤ ᠬᠦᠷᠴᠦ ᠂ 28. | 8% ᠪᠠᠷ ᠨᠡᠮᠡᠭᠳᠡᠪᠡ ᠂ ᠭᠠᠳᠠᠭᠠᠳᠤ ᠠᠴᠠ ᠣᠷᠣᠭᠤᠯᠤᠭᠰᠠᠨ〔3〕 93.04 ᠳ᠋ᠦᠩᠰᠢᠭᠤᠷ ᠲᠥᠭᠦᠷᠢᠭ ᠲᠤ | ᠬᠦᠷᠴᠦ ᠂ 36.79% ᠪᠠᠷ ᠨᠡᠮᠡᠭᠳᠡᠪᠡ ᠂ ᠪᠦᠬᠦ ᠵᠢᠯ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢ 0.3 ᠳ᠋ᠦᠩᠰᠢᠭᠤᠷ ᠳ᠋ᠣᠯᠯᠠᠷ ᠪᠣᠳᠠᠲᠠᠢ ᠠᠰᠢᠭᠯᠠᠪᠠ ᠃ | ᠨᠠᠢᠮᠠ᠂ ᠵᠠᠮ ᠬᠠᠷᠢᠯᠴᠠᠭ᠎ᠠ ᠪᠠ ᠰᠢᠤᠳᠠᠨ ᠬᠤᠯᠪᠣᠭ᠎ᠠ | 2022 ᠣᠨ ᠤ ᠡᠴᠦᠰ ᠲᠤ᠂ ᠪᠥᠬᠦ ᠲᠣᠭᠤᠷᠢᠭ ᠤᠨ ᠵᠠᠰᠠᠮᠠᠯ ᠵᠠᠮ ᠤᠨ ᠣᠷᠳᠣ ᠨᠢ 933.7 | ᠺᠢᠯᠣᠮᠧᠲᠷ ᠲᠤ ᠬᠦᠷᠴᠦ᠂ ᠮᠡᠷᠭᠡᠵᠢᠯ ᠤᠨ ᠵᠡᠷᠭᠡ ᠳᠡᠰ ᠢᠶᠠᠷ ᠨᠢ ᠬᠤᠪᠢᠶᠠᠪᠠᠯ᠄ ᠨᠢᠭᠡᠳᠦᠭᠡᠷ ᠳᠡᠰ ᠤᠨ ᠵᠠᠮ 71.3 | ᠺᠢᠯᠣᠮᠧᠲᠷ᠂ ᠬᠤᠶᠠᠳᠤᠭᠠᠷ ᠳᠡᠰ ᠤᠨ ᠵᠠᠮ 91.2 ᠺᠢᠯᠣᠮᠧᠲᠷ᠂ ᠭᠤᠷᠪᠠᠳᠤᠭᠠᠷ᠂ ᠳᠥᠷᠪᠡᠳᠦᠭᠡᠷ ᠳᠡᠰ ᠤᠨ ᠵᠠᠮ | 771.2 ᠺᠢᠯᠣᠮᠧᠲᠷ᠃ | ᠵᠠᠮ ᠤᠨ ᠭᠠᠳᠠᠷᠭᠤ ᠶᠢᠨ ᠲᠥᠷᠥᠯ ᠵᠦᠢᠯ ᠢᠶᠠᠷ ᠨᠢ ᠬᠤᠪᠢᠶᠠᠪᠠᠯ᠄ ᠪᠠᠷᠤᠭᠰᠢᠨ ᠪᠧᠲ᠋ᠣᠨ ᠵᠠᠮ 599.6 | ᠺᠢᠯᠣᠮᠧᠲᠷ᠂ ᠱᠦᠢᠨᠢ ᠪᠧᠲ᠋ᠣᠨ ᠵᠠᠮ 158.2 ᠺᠢᠯᠣᠮᠧᠲᠷ᠂ ᠲᠥᠬᠦᠮ ᠳᠡᠪᠢᠰᠦᠭᠰᠡᠨ ᠵᠠᠮ 3.8 ᠺᠢᠯᠣᠮᠧᠲᠷ᠂ | ᠬᠠᠶᠢᠷ ᠴᠢᠯᠠᠭᠤᠨ ᠵᠠᠮ 172.1 ᠺᠢᠯᠣᠮᠧᠲᠷ ᠪᠣᠯᠣᠨ᠎ᠠ᠃ | {172.1 ᠺᠢᠯᠣᠮᠧᠲᠷ ᠵᠠᠮ ᠤᠨ ᠭᠠᠳᠠᠷᠭᠤ ᠶᠢᠨ ᠲᠥᠷᠥᠯ ᠵᠦᠢᠯ ᠢᠶᠠᠷ ᠨᠢ ᠬᠤᠪᠢᠶᠠᠪᠠᠯ᠄ ᠪᠠᠷᠤᠭᠰᠢᠨ ᠪᠧᠲ᠋ᠣᠨ | ᠵᠠᠮ 599.6 ᠺᠢᠯᠣᠮᠧᠲᠷ᠂ ᠱᠦᠢᠨᠢ ᠪᠧᠲ᠋ᠣᠨ ᠵᠠᠮ 158.2 ᠺᠢᠯᠣᠮᠧᠲᠷ᠂ ᠲᠥᠬᠦᠮ ᠳᠡᠪᠢᠰᠦᠭᠰᠡᠨ ᠵᠠᠮ 3.8 | ᠺᠢᠯᠣᠮᠧᠲᠷ᠂ ᠬᠠᠶᠢᠷ ᠴᠢᠯᠠᠭᠤᠨ ᠵᠠᠮ 172.1 ᠺᠢᠯᠣᠮᠧᠲᠷ ᠪᠣᠯᠣᠨ᠎ᠠ᠃ | 2022 ᠣᠨ ᠳᠤ᠂ ᠪᠥᠬᠦ ᠲᠣᠭᠤᠷᠢᠭ ᠤᠨ ᠰᠢᠤᠳᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ | ᠬᠡᠮᠵᠢᠶ᠎ᠡ ᠨᠢ 2.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ | ᠨᠡᠮᠡᠭᠳᠡᠪᠡ᠃ | ᠡᠭᠦᠨ ᠳᠤ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠨᠢ 2.20 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ ᠂ | ᠰᠢᠤᠳᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠨᠢ 0.18 ᠳ᠋ᠦᠩᠰᠢᠭᠤᠷ ᠲᠥᠭᠦᠷᠢᠭ ᠲᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 7.9% ᠢᠶᠠᠷ ᠨᠡᠮᠡᠭᠳᠡᠵᠡᠢ᠂ ᠵᠢᠯ ᠤᠨ ᠡᠴᠦᠰ ᠤᠨ ᠰᠢᠯᠵᠢᠮᠡᠯ ᠳ᠋ᠢᠶᠠᠩᠬᠤᠸᠠ | ᠬᠡᠷᠡᠭᠯᠡᠭᠴᠢ ᠨᠢ 38.41 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ | ᠨᠡᠮᠡᠭᠳᠡᠪᠡ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠴᠢ ᠨᠢ 32.95 ᠲᠦᠮᠡᠨ ᠡᠷᠦᠬᠡ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ᠂ ᠲᠣᠭᠲᠠᠮᠠᠯ ᠥᠷᠭᠡᠨ ᠪᠦᠰᠡ ᠶᠢᠨ ᠬᠡᠷᠡᠭᠯᠡᠭᠴᠢ ᠨᠢ 12.0 | ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃ | ᠶᠢᠰᠦ ᠂ ᠡᠳ᠋ ᠤᠨ ᠵᠠᠰᠠᠭ ᠂ ᠮᠥᠩᠭᠦᠨ ᠭᠦᠢᠯᠭᠡᠭᠡ ᠪᠠ ᠳᠠᠭᠠᠳᠬᠠᠯ | 2022 ᠣᠨ ᠳᠤ᠂ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠢ 15. | 86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃ | ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ ᠨᠢ 11.36 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 1.7% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ 71.6% ᠶᠢ ᠡᠵᠡᠯᠡᠪᠡ ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠨᠢ 32.98 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ ᠂ ᠡᠭᠦᠨ ᠳᠤ | ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 32.1% ᠪᠠᠷ ᠨᠡᠮᠡᠭᠳᠡᠵᠦ ᠂ ᠤᠯᠠᠨ ᠨᠡᠶᠢᠲᠡ ᠶᠢᠨ | ᠠᠮᠤᠷ ᠲᠦᠪᠰᠢᠨ ᠤ ᠵᠠᠷᠤᠯᠭ᠎ᠠ 5.9% ᠪᠠᠷ ᠨᠡᠮᠡᠭᠳᠡᠵᠦ ᠂ ᠰᠤᠷᠭᠠᠨ ᠬᠥᠮᠦᠵᠢᠯ ᠤᠨ ᠵᠠᠷᠤᠯᠭ᠎ᠠ 17.6% ᠪᠠᠷ | ᠨᠡᠮᠡᠭᠳᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 29.6% ᠪᠠᠷ ᠨᠡᠮᠡᠭᠳᠡᠵᠦ ᠂ ᠨᠡᠶᠢᠭᠡᠮ ᠤᠨ ᠪᠠᠲᠤᠯᠠᠭ᠎ᠠ | ᠪᠠ ᠠᠵᠢᠯ ᠣᠯᠭᠤᠯᠲᠠ ᠶᠢᠨ ᠵᠠᠷᠤᠯᠭ᠎ᠠ 27.2% ᠢᠶᠠᠷ ᠨᠡᠮᠡᠭᠳᠡᠵᠦ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠷᠤᠯᠭ᠎ᠠ 4.9% ᠪᠠᠷ ᠨᠡᠮᠡᠭᠳᠡᠵᠦ ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 24.1% | ᠪᠠᠷ ᠨᠡᠮᠡᠭᠳᠡᠵᠦ ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 8.4% ᠪᠠᠷ ᠪᠠᠭᠤᠷᠠᠪᠠ ᠃ | 2022 ᠣᠨ ᠤ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 308.11 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠡᠬᠢᠨ ᠤ ᠬᠢ ᠠᠴᠠ 16.2% ᠢᠶᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ | ᠦᠯᠡᠳᠡᠪᠦᠷᠢ ᠲᠤᠭ᠎ᠠ ᠨᠢ 273.73 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 19. | 6% ᠪᠠᠷ ᠨᠡᠮᠡᠭᠳᠡᠪᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ | ᠲᠤᠭ᠎ᠠ ᠨᠢ 212.58 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠤ ᠬᠢ ᠠᠴᠠ 43% ᠪᠠᠷ | ᠨᠡᠮᠡᠭᠳᠡᠪᠡ᠂ ᠡᠭᠦᠨ ᠤ ᠳᠣᠲᠣᠷ᠎ᠠ᠂ ᠰᠠᠭᠤᠭᠠᠯᠢ ᠡᠷᠤᠭᠡ ᠶᠢᠨ ᠵᠢᠭᠡᠯᠡᠯᠭᠡ ᠶᠢ 133.30 ᠳ᠋ᠦᠩᠰᠢᠭᠤᠷ ᠲᠥᠭᠦᠷᠢᠭ | ᠲᠣᠬᠢᠷᠠᠭᠤᠯᠵᠤ ᠂ 14.9% ᠪᠠᠷ ᠨᠡᠮᠡᠭᠳᠡᠭᠦᠯᠦᠨ᠎ᠡ ᠃ | 2022 ᠣᠨ ᠳᠤ᠂ ᠪᠥᠬᠦ ᠲᠣᠭᠤᠷᠢᠭ ᠤᠨ ᠳᠠᠭᠠᠳᠬᠠᠯ ᠤᠨ ᠦᠢᠯᠡᠰ ᠤᠨ ᠳᠠᠭᠠᠳᠬᠠᠯ ᠤᠨ ᠰᠦᠢᠳᠬᠡᠯ ᠤᠨ | ᠣᠷᠣᠯᠭ᠎ᠠ ᠨᠢ 6.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% | ᠪᠠᠭᠤᠷᠠᠪᠠ᠃ | ᠡᠭᠦᠨ ᠳᠤ᠄ ᠡᠳ᠋ ᠬᠥᠷᠥᠩᠭᠡ ᠶᠢᠨ ᠳᠠᠭᠠᠳᠬᠠᠯ ᠤᠨ ᠣᠷᠣᠯᠭ᠎ᠠ ᠨᠢ 1.82 ᠳ᠋ᠦᠩᠰᠢᠭᠤᠷ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ᠂ ᠬᠥᠮᠥᠨ ᠤ ᠪᠡᠶ᠎ᠡ ᠶᠢᠨ ᠳᠠᠭᠠᠳᠬᠠᠯ ᠤᠨ ᠣᠷᠣᠯᠭ᠎ᠠ ᠨᠢ | 4.50 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠪᠠᠭᠤᠷᠠᠪᠠ᠂ ᠡᠯ᠎ᠡ | ᠲᠥᠷᠥᠯ ᠤᠨ ᠲᠥᠯᠥᠪᠦᠷᠢ ᠶᠢᠨ ᠵᠣᠭᠤᠰ ᠪᠠ ᠲᠥᠯᠥᠪᠦᠷᠢ ᠶᠢᠨ ᠵᠣᠭᠤᠰ ᠢ 2.03 ᠳ᠋ᠦᠩᠰᠢᠭᠤᠷ ᠲᠥᠭᠦᠷᠢᠭ | ᠥᠭᠴᠦ᠂ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠪᠠ᠂ ᠡᠭᠦᠨ ᠳᠤ᠄ ᠡᠳ᠋ ᠬᠥᠷᠥᠩᠭᠡ ᠶᠢᠨ | ᠳᠠᠭᠠᠳᠬᠠᠯ ᠤᠨ ᠲᠥᠯᠥᠪᠦᠷᠢ ᠶᠢᠨ ᠵᠣᠭᠤᠰ ᠤᠨ ᠵᠠᠷᠤᠯᠭ᠎ᠠ 1.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠂ ᠬᠥᠮᠥᠨ ᠤ ᠪᠡᠶ᠎ᠡ ᠶᠢᠨ ᠳᠠᠭᠠᠳᠬᠠᠯ ᠤᠨ ᠵᠠᠷᠤᠯᠭ᠎ᠠ 0.92 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠭᠤᠷᠠᠪᠠ᠃ | ᠠᠷᠪᠠ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠪᠠ ᠨᠡᠶᠢᠭᠡᠮ ᠤᠨ ᠪᠠᠲᠤᠯᠠᠭ᠎ᠠ | 2022 ᠣᠨ ᠳᠤ ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | 39447 ᠲᠥᠭᠦᠷᠢᠭ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 5.7% ᠢᠶᠠᠷ ᠨᠡᠮᠡᠭᠳᠡᠪᠡ ᠂ ᠡᠭᠦᠨ ᠳᠤ | ᠄ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢ 43371 | ᠲᠥᠭᠦᠷᠢᠭ ᠪᠡᠶᠡᠯᠡᠭᠦᠯᠵᠦ ᠂ 5.1% ᠢᠶᠠᠷ ᠨᠡᠮᠡᠭᠳᠡᠪᠡ ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢ 27606 ᠲᠥᠭᠦᠷᠢᠭ ᠪᠡᠶᠡᠯᠡᠭᠦᠯᠵᠦ ᠂ 7.9% ᠪᠠᠷ ᠨᠡᠮᠡᠭᠳᠡᠪᠡ ᠃ | 2022 ᠣᠨ ᠳᠤ ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠨᠢ | 21928 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2.9% ᠢᠶᠠᠷ ᠪᠠᠭᠤᠷᠠᠪᠠ᠂ ᠡᠭᠦᠨ ᠤ | ᠳᠣᠲᠣᠷ᠎ᠠ ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠬᠡᠷᠡᠭᠯᠡᠭᠡᠨ ᠤ ᠵᠠᠷᠤᠯᠭ᠎ᠠ ᠨᠢ 23309 ᠲᠥᠭᠦᠷᠢᠭ ᠲᠤ ᠬᠦᠷᠴᠦ ᠂ 2.9% ᠪᠠᠷ ᠪᠠᠭᠤᠷᠠᠪᠠ ᠂ ᠬᠥᠳᠡᠭᠡ | ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢ | 17803 ᠲᠥᠭᠦᠷᠢᠭ ᠢᠶᠠᠷ ᠲᠣᠬᠢᠷᠠᠭᠤᠯᠵᠤ ᠂ 2.8% ᠪᠠᠷ ᠪᠠᠭᠤᠷᠠᠭᠤᠯᠤᠨ᠎ᠠ ᠃ | 2022 ᠣᠨ ᠤ ᠡᠴᠦᠰ ᠲᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ ᠨᠢ 36.8 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ ᠨᠢ 35.4 ᠲᠡᠭᠰᠢ ᠳᠥᠷᠪᠡᠯᠵᠢᠨ ᠮᠧᠲᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠨᠡᠮᠡᠭᠳᠡᠵᠡᠢ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠭᠰᠠᠨ ᠡᠯ᠎ᠡ ᠲᠥᠷᠥᠯ ᠤᠨ ᠠᠵᠢᠯᠲᠠᠨ 185202 ᠬᠥᠮᠥᠨ ᠪᠣᠯᠪᠠ᠃ | ᠡᠭᠦᠨ ᠳᠤ᠄ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠭᠰᠠᠨ ᠬᠥᠮᠥᠨ 89192 ︵ᠠᠵᠢᠯ ᠤᠨ ᠪᠠᠶᠢᠷᠢ ᠳᠤ ᠪᠠᠶᠢᠭ᠎ᠠ ᠬᠥᠮᠥᠨ 56589᠂ ᠬᠠᠷᠠᠭᠠᠯᠵᠠᠯ | ᠭᠥᠷᠳᠡᠭᠰᠡᠨ ᠬᠥᠮᠥᠨ 32603︶᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 12352 ᠬᠥᠮᠥᠨ ︵ᠠᠵᠢᠯ ᠤᠨ ᠪᠠᠶᠢᠷᠢ ᠳᠤ | ᠪᠠᠶᠢᠭ᠎ᠠ 8339 ᠬᠥᠮᠥᠨ᠂ 4013 ᠬᠥᠮᠥᠨ ᠤ ᠬᠠᠷᠠᠭᠠᠯᠵᠠᠯ ᠭᠥᠷᠳᠡᠵᠦ ᠪᠣᠶ︶ ᠣᠷᠣᠯᠴᠠᠪᠠ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 83658 ᠬᠥᠮᠥᠨ ︵ | ᠠᠵᠢᠯ ᠤᠨ ᠪᠠᠶᠢᠷᠢ ᠳᠤ ᠪᠠᠶᠢᠭ᠎ᠠ 64537 ᠬᠥᠮᠥᠨ᠂ 19121 ᠬᠥᠮᠥᠨ ᠬᠠᠷᠠᠭᠠᠯᠵᠠᠯ ᠭᠥᠷᠳᠡᠪᠡ︶ ᠣᠷᠣᠯᠴᠠᠪᠠ | ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠣᠷᠣᠯᠴᠠᠭᠰᠠᠨ ᠨᠢᠭᠡᠴᠢ 472 ᠪᠠᠶᠢᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠣᠷᠣᠯᠴᠠᠭᠰᠠᠨ ᠠᠵᠢᠯᠲᠠᠨ 31739 ᠬᠥᠮᠥᠨ ᠪᠠᠶᠢᠵᠤ᠂ ᠠᠵᠢᠯ ᠤᠨ ᠬᠠᠷᠠᠭ᠎ᠠ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠣᠯᠭᠤᠮᠵᠢ ᠶᠢ 421 ᠬᠥᠮᠥᠨ ᠭᠥᠷᠳᠡᠪᠡ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠠᠵᠢᠯᠲᠠᠨ 277236 ᠬᠥᠮᠥᠨ ᠪᠣᠯᠣᠨ᠎ᠠ᠂ ᠡᠭᠦᠨ ᠤ ᠳᠣᠲᠣᠷ᠎ᠠ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠡᠮ ᠡᠮᠨᠡᠯᠭᠡ ᠶᠢᠨ ᠳᠠᠭᠠᠳᠬᠠᠯ ᠳᠤ 83633 ᠬᠥᠮᠥᠨ ᠣᠷᠣᠯᠴᠠᠪᠠ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠥᠨ 193603 | ᠪᠠᠶᠢᠨ᠎ᠠ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ ᠨᠡᠶᠢᠲᠡ 1834 ᠡᠷᠦᠬᠡ ᠶᠢᠨ 2850 ᠬᠥᠮᠥᠨ ᠪᠠᠶᠢᠵᠤ᠂ ᠬᠥᠮᠥᠨ ᠳᠤᠮᠳᠠᠴᠢ ᠶᠢᠨ ᠨᠥᠬᠦᠪᠦᠷᠢ ᠶᠢᠨ | ᠬᠢᠷᠢ ᠬᠡᠮᠵᠢᠶ᠎ᠡ ᠨᠢ ᠰᠠᠷ᠎ᠠ ᠳᠤ 646 ᠲᠥᠭᠦᠷᠢᠭ ᠪᠣᠯᠣᠨ᠎ᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 3770 ᠡᠷᠦᠬᠡ 5404 ᠬᠥᠮᠥᠨ ᠪᠠᠶᠢᠵᠤ᠂ ᠬᠥᠮᠥᠨ ᠳᠤᠮᠳᠠᠴᠢ ᠶᠢᠨ | ᠨᠥᠬᠦᠪᠦᠷᠢ ᠶᠢᠨ ᠬᠢᠷᠢ ᠬᠡᠮᠵᠢᠶ᠎ᠡ ᠨᠢ 4319 ᠲᠥᠭᠦᠷᠢᠭ\ ᠵᠢᠯ ᠳᠤ ᠬᠦᠷᠴᠡᠢ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠠᠯᠪᠠᠨ ᠠᠴᠠ ᠡᠷᠭᠢᠯᠡᠭᠰᠡᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ 2᠂ ᠣᠷᠣ 590 ᠪᠣᠯᠪᠠ︔ᠠᠷᠠᠳ ᠠᠴᠠ ᠡᠷᠭᠢᠯᠡᠭᠰᠡᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ 5᠂ ᠡᠪᠡᠳᠴᠢᠲᠡᠨ ᠤ ᠣᠷᠣ 153 ᠪᠣᠶ ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ 5᠂ ᠣᠷᠣ 166 ᠪᠣᠶ᠂ ᠨᠡᠶᠢᠭᠡᠮ | ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ 18᠂ ᠡᠪᠡᠳᠴᠢᠲᠡᠨ ᠤ ᠣᠷᠣ | 355᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ 2᠂ ᠡᠪᠡᠳᠴᠢᠲᠡᠨ ᠤ ᠣᠷᠣ 40 | ᠪᠣᠶ᠂ ᠨᠡᠶᠢᠲᠡ 1304 ᠣᠷᠣ ᠲᠠᠢ᠃ | ᠠᠷᠪᠠᠨ ᠨᠢᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ | 2022 ᠣᠨ ᠳᠤ᠂ ᠪᠥᠬᠦ ᠲᠣᠭᠤᠷᠢᠭ ᠤᠨ ᠨᠡᠶᠢᠲᠡ 23 ᠵᠦᠢᠯ ᠤᠨ ᠮᠡᠷᠭᠡᠵᠢᠯ ᠤᠨ ᠭᠡᠷ᠎ᠡ ᠲᠣᠭᠲᠠᠵᠤ᠂ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 7363 ᠲᠦᠮᠡᠨ ᠲᠥᠭᠦᠷᠢᠭ ᠲᠤ ᠬᠥᠷᠪᠡ᠂ | ᠪᠦᠬᠦ ᠵᠢᠯ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ | 1187 ᠲᠦᠮᠡᠨ ᠲᠥᠭᠦᠷᠢᠭ ᠣᠯᠬᠤ ᠪᠠᠷ ᠴᠢᠷᠮᠠᠶᠢᠪᠠ ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠡᠩ ᠤᠨ ᠰᠤᠷᠭᠠᠨ ᠬᠥᠮᠦᠵᠢᠯ ᠤᠨ ᠳᠤᠮᠳᠠᠳᠤ ᠪᠠᠭ᠎ᠠ | ᠰᠤᠷᠭᠠᠭᠤᠯᠢ 27 ᠪᠣᠯᠪᠠ᠂ ᠡᠭᠦᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 5᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ 6᠂ ᠪᠠᠭ᠎ᠠ ᠰᠤᠷᠭᠠᠭᠤᠯᠢ 16᠂ ᠶᠢᠰᠦᠨ ᠵᠢᠯ ᠤᠨ ᠳᠦᠷᠢᠮᠲᠦ ᠰᠤᠷᠭᠠᠭᠤᠯᠢ 1᠂ ᠪᠦᠷᠢᠨ | ᠳᠤᠮᠳᠠᠳᠤ ᠰᠤᠷᠭᠠᠭᠤᠯᠢ 1 ᠪᠣᠶ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 3 ᠪᠣᠶ ᠂ ᠣᠨᠴᠠᠭᠠᠶ | ᠰᠤᠷᠭᠠᠨ ᠬᠥᠮᠦᠵᠢᠯ ᠤᠨ ᠰᠤᠷᠭᠠᠭᠤᠯᠢ 1 ᠪᠣᠶ ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠶᠢᠭᠤᠯᠤᠮᠵᠢ 50 ᠪᠣᠶ ᠂ ᠡᠩ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ 28177 | ᠬᠥᠮᠥᠨ ᠪᠣᠶ ᠂ ᠡᠭᠦᠨ ᠳᠤ ᠄ ᠪᠠᠭ᠎ᠠ ᠰᠤᠷᠭᠠᠭᠤᠯᠢ 14119 ᠬᠥᠮᠥᠨ ᠂ ᠡᠩ ᠤᠨ ᠳᠤᠮᠳᠠᠳᠤ ᠰᠤᠷᠭᠠᠭᠤᠯᠢ | 14058 ᠬᠥᠮᠥᠨ ᠪᠤᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠰᠣᠷᠣᠭᠴᠢ 2454 ᠬᠥᠮᠥᠨ ᠪᠣᠶ᠃ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠣᠷᠣᠭᠴᠢ 140 ᠬᠥᠮᠥᠨ ᠪᠠᠶᠢᠨ᠎ᠠ ᠂ ᠰᠤᠷᠭᠠᠭᠤᠯᠢ ᠳᠤ ᠣᠷᠣᠬᠤ ᠠᠴᠠ ᠡᠮᠦᠨᠡᠬᠢ | ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ 6565 ᠬᠥᠮᠥᠨ ᠪᠠᠶᠢᠨ᠎ᠠ᠂ ᠪᠠᠭ᠎ᠠ | ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ 100%᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ 100%᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠨᠣᠷᠮ᠎ᠠ 106.67% ᠪᠣᠯᠣᠨ᠎ᠠ᠃ | ᠠᠷᠪᠠᠨ ᠬᠤᠶᠠᠷ ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠪᠠ ᠪᠡᠶ᠎ᠡ ᠶᠢᠨ ᠲᠠᠮᠢᠷ | 2022 ᠣᠨ ᠤ ᠡᠴᠦᠰ ᠲᠤ᠂ ᠪᠥᠬᠦ ᠲᠣᠭᠤᠷᠢᠭ ᠤᠨ ᠣᠯᠠᠨ ᠨᠡᠶᠢᠲᠡ ᠶᠢᠨ ᠨᠣᠮ ᠤᠨ ᠰᠠᠩ 1 ᠪᠠᠶᠢᠵᠤ᠂ | ᠶᠡᠷᠦᠩᠬᠡᠢ ᠬᠠᠳᠠᠭᠠᠯᠠᠮᠵᠢ ᠶᠢᠨ ᠬᠡᠮᠵᠢᠶ᠎ᠡ ᠨᠢ 3.5 ᠲᠦᠮᠡᠨ ᠳᠡᠪᠲᠡᠷ ︵ᠵᠦᠢᠯ︶ ᠪᠣᠯᠣᠨ᠎ᠠ ᠂ ᠵᠧᠨ ᠰᠢᠶᠠᠩ ᠵᠡᠭᠡᠯᠢ | ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ 12᠂ ᠰᠣᠶᠣᠯ ᠤᠨ ᠥᠷᠥᠭᠡ 96᠂ ᠣᠯᠠᠨ ᠲᠦᠮᠡᠨ ᠤ ᠠᠵᠢᠯ ᠤᠨ | ᠴᠢᠯᠦᠭᠡᠨ ᠤ ᠲᠣᠭᠯᠠᠯᠲᠠ ᠶᠢᠨ ᠪᠦᠯᠬᠦᠮ ︵ᠠᠩᠭᠢ︶ 20 ᠪᠣᠶ ᠂ ᠷᠠᠳᠢᠣ᠋ ᠨᠡᠪᠲᠡᠷᠡᠭᠦᠯᠭᠡ ᠶᠢᠨ ᠬᠥᠮᠥᠨ ᠠᠮᠠ ᠶᠢᠨ | ᠪᠦᠷᠬᠦᠴᠡ ᠶᠢᠨ ᠨᠤᠷᠮ᠎ᠠ 100% ᠂ ᠲᠧᠯᠸᠢᠰ ᠤᠨ ᠬᠥᠮᠥᠨ ᠠᠮᠠ ᠶᠢᠨ ᠪᠦᠷᠬᠦᠴᠡ ᠵᠢᠨᠨᠤᠷᠮᠠ 99 % ᠃ | 2022 ᠣᠨ ᠳᠤ ᠂ ᠪᠦᠬᠦ ᠵᠢᠯ ᠳᠤ 64.5 ᠲᠦᠮᠡᠨ ᠬᠥᠮᠥᠨ ᠤᠳᠠᠭ᠎ᠠ ᠶᠢᠨ ᠵᠤᠭᠠᠴᠠᠯ ᠢ ᠬᠦᠯᠢᠶᠡᠨ ᠠᠪᠴᠤ ᠂ | 6.2 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠪᠡ ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | 242 ᠪᠣᠯᠪᠠ᠃ | ᠡᠭᠦᠨ ᠳᠤ᠄ ᠡᠮᠨᠡᠯᠭᠡ ᠶᠢᠨ ᠬᠤᠷᠢᠶ᠎ᠠ 9᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ︵ᠥᠷᠲᠡᠭᠡ︶ 7᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 9᠂ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ 88᠂ ᠡᠭᠦᠳᠡᠨ ᠡᠮᠨᠡᠯᠭᠡ 3᠂ ᠡᠮᠨᠡᠬᠦ ᠭᠠᠵᠠᠷ 123᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ 1᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ 1᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 1 ᠪᠣᠶ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠣᠳᠠᠲᠠᠢ ᠪᠠᠶᠢᠭ᠎ᠠ ᠣᠷᠣ 1850᠂ ᠡᠷᠡᠭᠦᠯ ᠬᠠᠮᠠᠭᠠᠯᠠᠯ ᠤᠨ ᠠᠵᠢᠯᠲᠠᠨ | 2787 ᠬᠥᠮᠥᠨ ᠪᠠᠶᠢᠵᠤ᠂ ᠡᠭᠦᠨ ᠤ ᠳᠣᠲᠣᠷ᠎ᠠ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 2254 | ᠬᠥᠮᠥᠨ ᠪᠠᠶᠢᠨ᠎ᠠ᠃ | 2022 ᠣᠨ ᠤ ᠡᠴᠦᠰ ᠲᠤ᠂ ᠪᠥᠬᠦ ᠲᠣᠭᠤᠷᠢᠭ ᠤᠨ ᠭᠠᠭᠴᠠ ᠵᠦᠢᠯ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ︵ᠺᠯᠦ᠋ᠪ︶ 46 ᠪᠣᠯᠪᠠ᠂ ᠪᠡᠶ᠎ᠡ ᠶᠢᠨ ᠲᠠᠮᠢᠷ ᠤᠨ ᠬᠥᠮᠥᠨ ᠠᠮᠠ ᠶᠢᠨ ᠲᠤᠭ᠎ᠠ 12.3 ᠲᠦᠮᠡ ᠳᠤ | ᠬᠦᠷᠴᠡᠢ᠃ | ᠠᠷᠪᠠᠨ ᠭᠤᠷᠪᠠ ᠂ ᠡᠬᠢ ᠪᠠᠶᠠᠯᠢᠭ ᠪᠠ ᠣᠷᠴᠢᠨ ᠠᠬᠤᠢ | 2022 ᠣᠨ ᠳᠤ᠂ ᠪᠥᠬᠦ ᠲᠣᠭᠤᠷᠢᠭ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 13718 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠳᠡᠭᠡᠷ᠎ᠡ ᠵᠢᠯ ᠤᠨ ᠬᠢ ᠠᠴᠠ 12.9% ᠪᠠᠷ ᠪᠠᠭᠤᠷᠠᠪᠠ᠃ | 2022 ᠣᠨ ᠳᠤ᠂ ᠪᠥᠬᠦ ᠲᠣᠭᠤᠷᠢᠭ ᠲᠤ 0.9 ᠲᠦᠮᠡᠨ ᠮᠦ ᠣᠶᠢᠵᠢᠭᠤᠯᠤᠯᠲᠠ ᠶᠢ ᠪᠡᠶᠡᠯᠡᠭᠦᠯᠪᠡ᠂ | ᠡᠭᠦᠨ ᠳᠤ᠄ 0.4 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠵᠤ᠂ 0.5 ᠲᠦᠮᠡᠨ ᠮᠦ ᠮᠠᠭᠤᠳᠠᠭᠰᠠᠨ ᠣᠶ | ᠰᠢᠭᠤᠢ ᠶᠢ ᠵᠠᠰᠠᠨ ᠰᠡᠷᠭᠦᠭᠡᠪᠡ᠃ᠪᠥᠬᠦ ᠲᠣᠭᠤᠷᠢᠭ ᠤᠨ ᠣᠶ ᠰᠢᠭᠤᠢ ᠶᠢᠨ ᠲᠠᠯᠠᠪᠠᠶ 27.6 ᠲᠦᠮᠡᠨ ᠮᠦ ᠳᠤ | ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 19.51% ᠳᠤ ᠬᠦᠷᠴᠦ᠂ ᠠᠮᠢᠵᠢᠷᠠᠯ ᠤᠨ ᠬᠦᠴᠦᠨ ᠲᠠᠢ | ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ 96.38 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ | 2022 ᠣᠨ ᠳᠤ᠂ ᠪᠥᠬᠦ ᠵᠢᠯ ᠤᠨ ᠳᠤᠮᠳᠠᠴᠢ ᠠᠭᠠᠷ ᠤᠨ ᠳᠤᠯᠠᠭᠠᠨ 7.8℃ ᠪᠠᠶᠢᠵᠤ᠂ ᠡᠩ ᠤᠨ ᠵᠢᠯ ᠤᠨ | ᠬᠢ ᠠᠴᠠ 0.3℃ ᠳᠣᠣᠷ᠎ᠠ ᠰᠢᠭ᠋ ᠪᠣᠯᠵᠠᠢ ᠂ ᠪᠥᠬᠦ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠡᠶᠢᠲᠡ 251.7 | ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 118.3 ᠮᠢᠯᠢᠮᠧᠲᠷ ᠳᠤᠲᠠᠭᠤ ᠪᠠᠶᠢᠳᠠᠭ ᠂ ᠲᠠᠷᠢᠮᠠᠯ ᠤᠨ | ᠤᠷᠭᠤᠯᠲᠠ ᠶᠢᠨ ᠤᠯᠠᠷᠢᠯ ︵4 ︱ 9 ᠰᠠᠷ᠎ᠠ︶ ᠤᠨ ᠨᠡᠷᠡᠨ ᠤ ᠲᠤᠰᠤᠯᠲᠠ ᠶᠢᠨ ᠴᠠᠭ 1545 ᠴᠠᠭ ᠪᠠᠶᠢᠵᠤ᠂ | ᠡᠩ ᠤᠨ ᠵᠢᠯ ᠤᠨ ᠬᠢ ᠠᠴᠠ 58 ᠴᠠᠭ ᠳᠤᠲᠠᠭᠤ ᠪᠠᠶᠢᠳᠠᠭ᠃ | 2022 ᠣᠨ ᠳᠤ ᠂ ᠮᠠᠨ ᠤ ᠲᠣᠭᠤᠷᠢᠭ ᠤᠨ ᠲᠣᠭᠲᠠᠭᠠᠭᠰᠠᠨ ᠠᠵᠤ ᠦᠢᠯᠡᠳᠪᠦᠷᠢ ᠵᠡᠷᠭᠡ ᠦᠷᠳᠡᠭ ᠤᠨ | ᠡᠨᠧᠷᠭᠢ ᠶᠢᠨ ᠬᠤᠷᠣᠭᠳᠠᠭᠤᠯᠤᠯ 161.98 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ ᠂ ᠠᠳᠠᠯᠢ | ᠬᠤᠭᠤᠴᠠᠭᠠᠨ ᠤ ᠬᠢ ᠠᠴᠠ 3.3% ᠨᠡᠮᠡᠭᠳᠡᠵᠦ ᠂ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ | ᠡᠨᠧᠷᠭᠢ ᠶᠢᠨ ᠬᠤᠷᠣᠭᠳᠠᠭᠤᠯᠤᠯ 3.2% ᠢᠶᠠᠷ ᠳᠡᠭᠡᠭᠰᠢᠯᠡᠵᠡᠢ ᠃ | ᠲᠠᠶᠢᠯᠪᠤᠷᠢ᠄ | 〔1〕 ᠲᠤᠰ ᠠᠯᠪᠠᠨ ᠮᠡᠳᠡᠭᠡ ᠳᠠᠬᠢ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠪᠦᠷᠢᠳᠬᠡᠯ ᠤᠨ ᠲᠤᠭ᠎ᠠ | ᠪᠠᠷᠢᠮᠲᠠ ᠪᠣᠯᠣᠨ᠎ᠠ ᠃ | 〔2〕 ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠂ ᠡᠯ᠎ᠡ ᠠᠵᠤ ᠦᠢᠯᠡᠰ ᠤᠨ ᠨᠡᠮᠡᠭᠳᠡᠯ | ᠦᠷᠲᠡᠭ ᠤᠨ ᠬᠠᠷᠢᠴᠠᠯᠠᠰᠢᠭᠦᠢ ᠲᠤᠭ᠎ᠠ ᠶᠢ ᠤᠳᠤ ᠶᠢᠨ ᠦᠨ᠎ᠡ ᠪᠠᠷ ᠪᠤᠳᠤᠵᠤ ᠂ ᠨᠡᠮᠡᠭᠳᠡᠯ ᠤᠨ ᠬᠤᠷᠳᠤᠴᠠ ᠶᠢ | ᠬᠠᠷᠢᠴᠠᠭᠤᠯᠵᠤ ᠪᠣᠯᠬᠤ ᠦᠨ᠎ᠡ ᠪᠠᠷ ᠪᠤᠳᠤᠨ᠎ᠠ ᠃ | 〔3〕 ᠭᠠᠳᠠᠭᠠᠳᠤ ᠠᠴᠠ ᠣᠷᠣᠭᠤᠯᠤᠭᠰᠠᠨ ᠲᠤᠭ᠎ᠠ ᠪᠠᠷᠢᠮᠲᠠ ᠳᠤ ᠪᠠᠰᠠ ᠬᠤᠶᠠᠷ ᠵᠡᠰ ᠬᠠᠶᠢᠯᠤᠭᠤᠯᠬᠤ ᠠᠵᠤ | ᠠᠬᠤᠶᠢᠯᠠᠯ ᠪᠠᠭᠲᠠᠨ᠎ᠠ ᠄ ᠤᠯᠠᠭᠠᠨᠬᠠᠳᠠ ᠶᠢᠨ ᠶᠦᠨ ᠲᠦᠩ ᠥᠩᠭᠡᠲᠦ ᠲᠡᠮᠦᠷᠯᠢᠭ ᠤᠨ ᠬᠢᠵᠠᠭᠠᠷᠲᠤ ᠺᠣᠮᠫᠠᠨᠢ ᠪᠣᠯᠣᠨ | ᠤᠯᠠᠭᠠᠨᠬᠠᠳᠠ ᠶᠢᠨ ᠶᠢᠨ ᠲᠦᠩ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ ᠃ | ᠮᠠᠲ᠋ᠧᠷᠢᠶᠠᠯ ᠤᠨ ᠢᠷᠡᠯᠲᠡ᠄ | ᠪᠥᠬᠦ ᠲᠣᠭᠤᠷᠢᠭ ᠤᠨ ᠵᠢᠯ ᠤᠨ ᠡᠴᠦᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠭ᠎ᠠ ᠪᠠᠷᠢᠮᠲᠠ ᠶᠢ | ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ 2022 ᠣᠨ ᠤ ᠬᠥᠮᠥᠨ ᠠᠮᠠ ᠶᠢᠨ | ᠥᠯᠢᠭᠡᠷ ᠠᠪᠴᠤ ᠲᠥᠰᠥᠭᠡᠯᠡᠨ ᠪᠤᠳᠤᠭᠰᠠᠨ ᠠᠴᠠ ᠢᠷᠡᠯᠲᠡ ᠲᠠᠢ ᠂ ᠡᠷᠦᠬᠡ ᠠᠮᠠ ᠶᠢᠨ ᠬᠠᠷᠢᠶ᠎ᠠ ᠶᠢᠨ ᠬᠥᠮᠥᠨ | ᠠᠮᠠ ᠶᠢᠨ ᠲᠤᠭ᠎ᠠ ᠪᠠᠷᠢᠮᠲᠠ ᠨᠢ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠶᠤᠸᠠᠨ | ᠪᠦᠦ ᠱᠠᠨ ᠲᠣᠭᠤᠷᠢᠭ ᠤᠨ ᠬᠤᠪᠢᠶᠠᠷᠢ ᠠᠮᠤ ᠪᠤᠳᠠᠭᠠᠨ ᠤ ᠲᠠᠷᠢᠮᠠᠯ ᠤᠨ ᠲᠠᠷᠢᠮᠠᠯ ᠤᠨ ᠲᠠᠯᠠᠪᠠᠢ ᠵᠢᠴᠢ ᠠᠮᠤ | ᠪᠤᠳᠠᠭᠠᠨ ᠤ ᠶᠡᠷᠦᠩᠬᠡᠢ ᠤᠨᠠᠯᠲᠠ ᠶᠢᠨ ᠬᠡᠮᠵᠢᠶ᠎ᠡ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠤᠯᠠᠭᠠᠨᠬᠠᠳᠠ ᠶᠢᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠬᠤ᠂ ᠠᠵᠢᠯ ᠣᠯᠬᠤ ᠳᠤ ᠬᠦᠴᠢᠷᠲᠡᠢ | ᠬᠠᠮᠲᠤᠯᠢᠭ ᠲᠤ ᠠᠵᠢᠯ ᠣᠯᠭᠤᠬᠤ ᠶᠢ ᠪᠡᠶᠡᠯᠡᠭᠦᠯᠬᠦ᠂ ᠠᠵᠢᠯ ᠠᠯᠳᠠᠭᠰᠠᠳ ᠤᠨ ᠳᠠᠬᠢᠨ ᠠᠵᠢᠯ ᠣᠯᠬᠤ ᠲᠤᠭ᠎ᠠ | ᠪᠠᠷᠢᠮᠲᠠ ᠶᠢ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠢᠷᠡᠭᠦᠯᠦᠨ᠎ᠡ ᠂ ᠡᠳ᠋ ᠤᠨ ᠵᠠᠰᠠᠭ ᠤᠨ | ᠲᠤᠭ᠎ᠠ ᠪᠠᠷᠢᠮᠲᠠ ᠨᠢ ᠣᠷᠣᠨ ᠤ ᠡᠳ᠋ ᠤᠨ ᠵᠠᠰᠠᠭ ᠤᠨ ᠵᠠᠰᠠᠮᠠᠯ ᠵᠠᠮ ᠤᠨ ᠵᠠᠮ ᠤᠨ ᠤᠷᠲᠤ ᠶᠢᠨ ᠲᠤᠭ᠎ᠠ ᠪᠠᠷᠢᠮᠲᠠ ᠨᠢ | ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠤᠳᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠲᠤᠭ᠎ᠠ | ᠪᠠᠷᠢᠮᠲᠠ ᠶᠢ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠺᠣᠮᠫᠠᠨᠢ ᠶᠢᠨ ᠤᠯᠠᠭᠠᠨᠬᠠᠳᠠ ᠬᠤᠲᠠ ᠶᠢᠨ ᠶᠤᠸᠠᠨ ᠪᠦᠦ | ᠱᠠᠨ ᠬᠤᠪᠢᠶᠠᠷᠢ ᠲᠣᠭᠤᠷᠢᠭ ᠤᠨ ᠺᠣᠮᠫᠠᠨᠢ ᠠᠴᠠ ᠢᠷᠡᠯᠲᠡ ᠲᠠᠢ ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ | ᠠᠵᠢᠯ ᠤᠨ ᠶᠡᠷᠦᠩᠬᠡᠢ ᠬᠡᠮᠵᠢᠶ᠎ᠡ᠂ ᠰᠢᠯᠵᠢᠮᠡᠯ ᠳ᠋ᠢᠶᠠᠩᠬᠤᠸᠠ ᠶᠢᠨ ᠬᠡᠷᠡᠭᠯᠡᠭᠴᠢ ᠶᠢᠨ ᠲᠤᠭ᠎ᠠ᠂ ᠰᠢᠯᠵᠢᠮᠡᠯ ᠢᠨᠲ᠋ᠧᠷ | ᠰᠦᠯᠵᠢᠶᠡᠨ ᠤ ᠬᠡᠷᠡᠭᠯᠡᠭᠴᠢ ᠶᠢᠨ ᠲᠤᠭ᠎ᠠ᠂ ᠲᠣᠭᠲᠠᠮᠠᠯ ᠥᠷᠭᠡᠨ ᠪᠦᠰᠡ ᠶᠢᠨ ᠬᠡᠷᠡᠭᠯᠡᠭᠴᠢ ᠶᠢᠨ ᠲᠤᠭ᠎ᠠ ᠨᠢ ᠰᠢᠯᠵᠢᠮᠡᠯ | ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭᠠᠨ ᠤ ᠶᠤᠸᠠᠨ ᠪᠦᠦ ᠱᠠᠨ ᠬᠤᠪᠢᠶᠠᠷᠢ ᠺᠣᠮᠫᠠᠨᠢ ᠠᠴᠠ | ᠢᠷᠡᠯᠲᠡ ᠲᠠᠢ ᠂ ᠵᠣᠭᠤᠰᠤᠨ ᠤ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠠᠴᠠ ᠳᠠᠭᠠᠳᠬᠠᠯ ᠤᠨ ᠦᠢᠯᠡᠰ ᠤᠨ ᠲᠤᠭ᠎ᠠ | ᠪᠠᠷᠢᠮᠲᠠ ᠨᠢ ᠤᠯᠠᠭᠠᠨᠬᠠᠳᠠ ᠬᠤᠲᠠ ᠶᠢᠨ ᠳᠠᠭᠠᠳᠬᠠᠯ ᠤᠨ ᠨᠡᠶᠢᠭᠡᠮᠯᠢᠭ ᠠᠴᠠ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠤᠭ᠎ᠠ ᠪᠠᠷᠢᠮᠲᠠ ᠨᠢ ᠨᠡᠶᠢᠭᠡᠮ ᠤᠨ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ | ᠪᠠᠷᠢᠮᠲᠠ ᠨᠢ ᠲᠣᠭᠤᠷᠢᠭ ᠤᠨ ᠡᠮ ᠡᠮᠨᠡᠯᠭᠡ ᠶᠢᠨ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢ ᠲᠣᠭᠤᠷᠢᠭ ᠤᠨ | ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠨᠢ ᠲᠣᠭᠤᠷᠢᠭ ᠤᠨ ᠰᠢᠨᠵᠢᠯᠡᠬᠦ | ᠤᠬᠠᠭᠠᠨ ᠮᠡᠷᠭᠡᠵᠢᠯ ᠦᠨᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ᠂ ᠤᠷᠠᠯᠢᠭ ᠤᠨ | ᠲᠣᠭᠯᠠᠯᠲᠠ ᠶᠢᠨ ᠪᠦᠯᠬᠦᠮ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠤᠭ᠎ᠠ ᠪᠠᠷᠢᠮᠲᠠ ᠨᠢ ᠲᠣᠭᠤᠷᠢᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠢᠷᠡᠯᠲᠡ ᠲᠠᠢ ᠂ ᠷᠠᠳᠢᠣ᠋ ᠲᠧᠯᠸᠢᠰ ᠤᠨ ᠲᠤᠭ᠎ᠠ ᠪᠠᠷᠢᠮᠲᠠ ᠨᠢ | ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠲᠣᠭᠤᠷᠢᠭ ᠤᠨᠡᠷᠡᠭᠦᠯ ᠬᠠᠮᠠᠭᠠᠯᠠᠯ ᠤᠨ ᠲᠤᠭ᠎ᠠ | ᠪᠠᠷᠢᠮᠲᠠ ᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠴᠡᠨᠡᠶᠢᠭᠡᠮ ᠤᠨ ᠪᠠᠲᠤᠯᠠᠭ᠎ᠠ ᠶᠢᠨ | ᠲᠤᠭ᠎ᠠ ᠪᠠᠷᠢᠮᠲᠠ ᠨᠢ ᠲᠣᠭᠤᠷᠢᠭ ᠤᠨ ᠠᠷᠠᠳ ᠤᠨᠣᠶ ᠰᠢᠭᠤᠢ ᠶᠢᠨ ᠲᠤᠭ᠎ᠠ ᠪᠠᠷᠢᠮᠲᠠ ᠨᠢ ᠲᠣᠭᠤᠷᠢᠭ ᠤᠨ ᠣᠶ | ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠴᠠᠭ ᠠᠭᠤᠷ ᠤᠨ ᠲᠤᠭ᠎ᠠ ᠪᠠᠷᠢᠮᠲᠠ ᠨᠢ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠪᠤᠰᠤᠳ ᠲᠤᠭ᠎ᠠ ᠪᠠᠷᠢᠮᠲᠠ ᠨᠢ ᠲᠣᠭᠤᠷᠢᠭ ᠤᠨ | ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠥᠷᠢᠳᠬᠡᠪᠡ ᠃ | |