2023 ᠣᠨ ᠤ ᠨᠢᠭᠡᠳᠦᠭᠡᠷ ᠤᠯᠠᠷᠢᠯ ᠤᠨ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/6/3
    ᠨᠢᠭᠡᠳᠦᠭᠡᠷ ᠤᠯᠠᠷᠢᠯ ᠤᠨ ᠪᠦᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ    ᠨᠢᠭᠡᠳᠦᠭᠡᠷ ᠤᠯᠠᠷᠢᠯ ᠳᠤ᠂ ᠪᠦᠬᠦ ᠲᠣᠭᠤᠷᠢᠭ ᠎ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠎ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ︽ ᠰᠠᠶᠢᠨ ᠡᠬᠢᠯᠡᠯᠲᠡ ᠲᠠᠢ ᠪᠥᠭᠡᠳ ᠪᠥᠬᠦ ᠵᠢᠯ ᠎ ᠳᠤ ᠪᠠᠨ ᠰᠠᠶᠢᠨ ᠪᠠᠶᠢᠬᠤ︾ ᠬᠠᠷᠠᠯᠲᠠ ᠶᠢᠨ ᠡᠭᠦᠷᠭᠡ ᠶᠢ ᠰᠠᠶᠢᠲᠤᠷ ᠬᠢᠵᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠭᠰᠡᠨ ᠠᠴᠠ᠂ ᠪᠥᠬᠦ ᠲᠣᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠲᠣᠭᠲᠠᠭᠤᠨ ᠢᠶᠠᠷ ᠰᠠᠶᠢᠵᠢᠷᠠᠬᠤ ᠪᠠᠶᠢᠳᠠᠯ ᠢᠯᠡᠷᠡᠪᠡ ᠃    ᠨᠢᠭᠡᠳᠦᠭᠡᠷ ᠤᠯᠠᠷᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 51.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2%᠎ ᠢᠶᠠᠷ ᠨᠡᠮᠡᠭᠳᠡᠪᠡ᠂ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 4.7%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 28.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 20.00 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ᠃ GDP᠎ ᠶᠢᠨ ᠨᠡᠮᠡᠭᠳᠡᠯ ᠤᠨ 2.2 ᠵᠠᠭᠤᠨ ᠤ ᠨᠢᠭᠡᠴᠢ ᠎ ᠶᠢᠨ ᠳᠣᠲᠣᠷ᠎ᠠ᠂ ᠨᠢᠭᠡᠳᠦᠭᠡᠷ ᠠᠵᠤ ᠦᠢᠯᠡᠰ ᠳᠡᠭᠡᠭᠰᠢᠯᠡᠬᠦ ᠳᠤ 0.26 ᠵᠠᠭᠤᠨ ᠤ ᠨᠢᠭᠡᠴᠢ ᠂ ᠬᠤᠶᠠᠳᠤᠭᠠᠷ ᠠᠵᠤ ᠦᠢᠯᠡᠰ ᠳᠡᠭᠡᠭᠰᠢᠯᠡᠬᠦ ᠳᠤ 0.51 ᠵᠠᠭᠤᠨ ᠤ ᠨᠢᠭᠡᠴᠢ᠂ ᠭᠤᠷᠪᠠᠳᠤᠭᠠᠷ ᠠᠵᠤ ᠦᠢᠯᠡᠰ ᠳᠡᠭᠡᠭᠰᠢᠯᠡᠬᠦ ᠳᠤ 1.43 ᠵᠠᠭᠤᠨ ᠤ ᠨᠢᠭᠡᠴᠢ ᠪᠠᠶᠢᠨ᠎ᠠ᠃ᠨᠢᠭᠡ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠰᠥᠭᠡᠷᠭᠦ ᠨᠡᠮᠡᠭᠳᠡᠯ ᠃ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ 59.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 3.5% ᠪᠠᠭᠤᠷᠠᠪᠠ᠃    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 15.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.8%᠎ ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠠᠴᠠ 20.1 ᠵᠠᠭᠤᠨ ᠤ ᠨᠢᠭᠡᠴᠢ ᠳᠣᠣᠷ᠎ᠠ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 26.3%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 8.3 ᠵᠠᠭᠤᠨ ᠤ ᠨᠢᠭᠡᠴᠢ ᠪᠠᠭᠤᠷᠠᠭᠤᠯᠵᠠᠢ ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠃ ᠨᠢᠭᠡᠳᠦᠭᠡᠷ ᠤᠯᠠᠷᠢᠯ ᠳᠤ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 34.97 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠨ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠠᠴᠠ 11.7 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 59.0%᠎ ᠶᠢ ᠡᠵᠡᠯᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.7 ᠵᠠᠭᠤᠨ ᠤ ᠨᠢᠭᠡᠴᠢ ᠳᠡᠭᠡᠭᠰᠢᠯᠡᠭᠦᠯᠡᠢ᠃ ᠳ᠋ᠦᠩᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 3.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 135.5%᠎ ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠠᠴᠠ 140.2 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 5.9%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.3 ᠵᠠᠭᠤᠨ ᠤ ᠨᠢᠭᠡᠴᠢ  ᠳᠡᠭᠡᠭᠰᠢᠯᠡᠭᠦᠯᠵᠡᠢ ᠃ ᠠᠵᠤ ᠦᠢᠯᠡᠰ ᠤᠨ ᠬᠦᠷᠢᠶᠡᠯᠡᠩ ᠤᠨ ᠭᠤᠣᠯ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 3.60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.2%᠎ ᠢᠶᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠎ ᠠᠴᠠ 18.5 ᠵᠠᠭᠤᠨ ᠤ ᠨᠢᠭᠡᠴᠢ ᠳᠣᠣᠷ᠎ᠠ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.1%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.8 ᠵᠠᠭᠤᠨ ᠤ ᠨᠢᠭᠡᠴᠢ ᠪᠠᠭᠤᠷᠠᠭᠤᠯᠵᠠᠢ ᠃    ︵ ᠭᠤᠷᠪᠠ ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠃ ᠨᠢᠭᠡᠳᠦᠭᠡᠷ ᠤᠯᠠᠷᠢᠯ ᠳᠤ ᠂ ᠦᠢᠯᠡᠳᠬᠦᠨ ᠤ ᠦᠷᠳᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 8 ᠪᠣᠯᠵᠤ ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠨᠢ 52.94 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.2%᠎ ᠢᠶᠠᠷ ᠪᠠᠭᠤᠷᠠᠵᠤ ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 89.4%᠎ ᠢ ᠡᠵᠡᠯᠡᠵᠦ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 1.0 ᠵᠠᠭᠤᠨ ᠤ ᠨᠢᠭᠡᠴᠢ ᠪᠠᠷ ᠪᠠᠭᠤᠷᠠᠭᠤᠯᠪᠠ ᠃    ︵ᠳᠥᠷᠪᠡ︶ ᠭᠤᠷᠪᠠᠨ ᠶᠡᠭᠡ ᠭᠤᠣᠯ ᠠᠵᠢᠯ ᠲᠥᠷᠥᠯ᠃ ᠨᠢᠭᠡᠳᠦᠭᠡᠷ ᠤᠯᠠᠷᠢᠯ ᠳᠤ᠂ ᠡᠨᠧᠷᠭᠢ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠢᠨ 58.26 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠎ ᠬᠢ ᠠᠴᠠ 4.1%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 98.3%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 4.1 ᠵᠠᠭᠤᠨ ᠤ ᠨᠢᠭᠡᠴᠢ ᠪᠠᠭᠤᠷᠠᠭᠤᠯᠪᠠ ᠃ ᠡᠭᠦᠨ ᠳᠤ ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 21.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 35.8%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 6.1 ᠵᠠᠭᠤᠨ ᠤ ᠨᠢᠭᠡᠴᠢ ᠪᠠᠭᠤᠷᠠᠭᠤᠯᠪᠠ ︔ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠢᠯᠡᠳᠬᠦᠨ ᠤ ᠥᠷᠲᠡᠭ 18.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.6%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.5%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.4 ᠵᠠᠭᠤᠨ ᠤ ᠨᠢᠭᠡᠴᠢ ᠪᠠᠭᠤᠷᠠᠭᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 18.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.0% ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 32.1%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 4.4 ᠵᠠᠭᠤᠨ ᠤ ᠨᠢᠭᠡᠴᠢ ᠳᠡᠭᠡᠭᠰᠢᠯᠡᠭᠦᠯᠪᠡ᠃    ︵ ᠲᠠᠪᠤ ︶ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠃ ᠨᠢᠭᠡᠳᠦᠭᠡᠷ ᠤᠯᠠᠷᠢᠯ ᠳᠤ ᠂ 9 ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠵᠣᠭᠰᠣᠭᠠᠵᠤ ᠂ ᠦᠢᠯᠡᠳᠬᠦᠨ ᠤ ᠦᠷᠳᠡᠭ ᠨᠢ ᠠᠳᠠᠯᠢ ᠬᠤᠭᠤᠴᠠᠭᠠᠨ ᠤ ᠎ ᠬᠢ ᠠᠴᠠ 1.0 ᠳ᠋ᠦᠩᠰᠢᠭᠤᠷ ᠲᠥᠭᠦᠷᠢᠭ ᠪᠠᠭᠠᠰᠴᠠᠢ ᠃    ︵ᠵᠢᠷᠭᠤᠭ᠎ᠠ︶ ᠦᠢᠯᠡᠳᠬᠦᠨ ᠤ ᠥᠷᠲᠡᠭ ᠨᠢ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ ᠂ ᠦᠢᠯᠡᠳᠪᠦᠷᠢᠯᠡᠯ ᠢᠶᠠᠨ ᠵᠣᠭᠰᠣᠭᠠᠭᠰᠠᠨ 9 ᠠᠵᠤ ᠠᠬᠤᠶᠢᠯᠠᠯ ᠠᠴᠠ ᠭᠠᠳᠠᠨ᠎ᠠ ᠂ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠳᠤ ᠪᠠᠰᠠ 17 ᠦᠢᠯᠡᠳᠬᠦᠨ ᠤ ᠦᠷᠳᠡᠭ ᠨᠢ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ 28.45 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 23.5%᠎ ᠢᠶᠠᠷ ᠪᠠᠭᠤᠷᠠᠵᠤ ᠂ ᠶᠡᠷᠦᠩᠬᠡᠢ ᠬᠡᠮᠵᠢᠶ᠎ᠡ ᠨᠢ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ 48.0%᠎ ᠢ ᠡᠵᠡᠯᠡᠵᠦ ᠂ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ ᠵᠠᠭᠤᠨ ᠤ ᠬᠠᠷᠢᠴᠠᠯ ᠢᠶᠠᠷ 14.1 ᠬᠤᠪᠢ ᠪᠠᠭᠤᠷᠠᠭᠤᠯᠪᠠ ᠃    ︵ ᠲᠤᠯᠤᠭ᠎ᠠ ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠃ ᠨᠢᠭᠡᠳᠦᠭᠡᠷ ᠤᠯᠠᠷᠢᠯ ᠳᠤ᠂ ᠨᠡᠭᠦᠷᠡᠰᠦᠨ ᠤ ᠭᠠᠷᠤᠯᠲᠠ 344.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3%᠎ ᠪᠠᠷ ᠪᠠᠭᠤᠷᠠᠪᠠ᠂ ᠡᠭᠦᠨ ᠳᠤ᠄ ᠫᠢᠩ ᠮᠧᠶ ᠪᠦᠯᠦᠭᠯᠡᠯ ᠤᠨ ᠨᠡᠭᠦᠷᠡᠰᠦᠨ ᠤ ᠭᠠᠷᠤᠯᠲᠠ 330.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.0% ᠎ ᠪᠠᠷ ᠪᠠᠭᠤᠷᠠᠪᠠ ︔ ᠴᠠᠬᠢᠯᠭᠠᠨ ᠭᠠᠷᠭᠠᠭᠰᠠᠨ ᠬᠡᠮᠵᠢᠶ᠎ᠡ 28.41 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.6%᠎ ᠪᠠᠷ ᠨᠡᠮᠡᠭᠳᠡᠪᠡ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 18.20 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠨᠡᠮᠡᠭᠳᠡᠪᠡ︔ ᠬᠡᠦᠷᠡᠰᠦ ᠶᠢᠨ ᠭᠠᠷᠤᠯᠲᠠ 14.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠨᠡᠮᠡᠭᠳᠡᠪᠡ ︔ ᠰᠢᠩᠭᠡᠨ ᠪᠡᠶᠡᠲᠦ ᠰᠦᠨ ᠤ ᠭᠠᠷᠤᠯᠲᠠ 3.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠪᠠᠭᠤᠷᠠᠪᠠ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 11.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8%᠎ ᠪᠠᠷ ᠨᠡᠮᠡᠭᠳᠡᠪᠡ᠃    ︵ᠨᠠᠢᠮᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ ᠨᠢᠭᠡᠳᠦᠭᠡᠷ ᠤᠯᠠᠷᠢᠯ ᠳᠤ ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ 43.9 ᠲᠦᠮᠡᠨ ᠲᠣᠨ ᠪᠠᠷᠢᠮᠵᠢᠶᠠᠲᠤ ᠨᠡᠭᠦᠷᠡᠰᠦ ᠲᠣᠭᠲᠠᠭᠠᠵᠤ ᠂ ᠠᠳᠠᠯᠢ ᠬᠤᠭᠤᠴᠠᠭᠠᠨ ᠤ ᠬᠢ ᠠᠴᠠ 0.7 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 1.5% ᠨᠡᠮᠡᠭᠳᠡᠵᠡᠢ ᠃ ᠡᠭᠦᠨ ᠳᠤ 1 ᠲᠦᠮᠡᠨ ᠲᠣᠨ ᠠᠴᠠ ᠳᠡᠭᠡᠭᠰᠢ ᠡᠨᠧᠷᠭᠢ ᠶᠢᠨ ᠬᠤᠷᠣᠭᠳᠠᠭᠤᠯᠤᠯ ᠲᠠᠢ 8 ᠡᠷᠦᠬᠡ ᠳᠤ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ 39.7 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠠᠴᠠ 1.5 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠠᠴᠠ 3.8%᠎ ᠪᠠᠷ ᠨᠡᠮᠡᠭᠳᠡᠵᠡᠢ᠃ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠢ ᠫᠢᠨ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ ᠨᠢ 20.1 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.2 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 0.9%᠎ ᠪᠠᠷ ᠪᠠᠭᠤᠷᠠᠵᠤ᠂ ᠶᠡᠷᠦᠩᠬᠡᠢ ᠬᠡᠮᠵᠢᠶᠡᠨ ᠤ 45.8%᠎ ᠶᠢ ᠡᠵᠡᠯᠡᠪᠡ︔ ᠠᠩᠬᠠᠨ ᠤ ᠴᠠᠬᠢᠯᠭᠠᠨ ᠤ ᠡᠨᠧᠷᠭᠢ ᠶᠢᠨ ᠬᠤᠷᠣᠭᠳᠠᠯ 4.6 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.3 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 21.4% ᠪᠠᠭᠤᠷᠠᠵᠤ᠂ ᠶᠡᠷᠦᠩᠬᠡᠢ ᠬᠡᠮᠵᠢᠶᠡᠨ ᠤ 10.5%᠎ ᠶᠢ ᠡᠵᠡᠯᠡᠪᠡ᠃    ᠬᠤᠶᠠᠷ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 97 ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ ᠡᠭᠦᠨ ᠳᠤ 40 ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠷᠢᠯᠭ᠎ᠠ ᠡᠬᠢᠯᠡᠭᠦᠯᠵᠦ᠂ 5.50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33.6%᠎ ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢ 5.42 ᠳ᠋ᠦᠩᠰᠢᠭᠤᠷ ᠲᠥᠭᠦᠷᠢᠭ ᠪᠡᠶᠡᠯᠡᠭᠦᠯᠵᠦ᠂ 41.3%᠎ ᠪᠠᠷ ᠨᠡᠮᠡᠭᠳᠡᠪᠡ︔ 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠳᠤ 0.08 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 70.3%᠎ ᠪᠠᠷ ᠪᠠᠭᠤᠷᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠶᠢ 0 ᠪᠣᠯᠭᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠎ ᠨᠢ 0.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3%᠎ ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ 4.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1015.7%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠲᠤ 0.97 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 73.3%᠎ ᠪᠠᠷ ᠪᠠᠭᠤᠷᠠᠪᠠ᠃    ᠭᠤᠷᠪᠠ ᠂ ᠬᠡᠷᠡᠭᠯᠡᠭᠡᠨ ᠤ ᠵᠠᠬ᠎ᠠ ᠳᠡᠯᠭᠡᠭᠦᠷ ᠤᠯᠠᠮ ᠢᠶᠠᠷ ᠰᠠᠶᠢᠵᠢᠷᠠᠵᠤ ᠪᠠᠶᠢᠨ᠎ᠠᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 10.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠡᠢ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.8% ᠨᠡᠮᠡᠭᠳᠡᠵᠡᠢ᠃    ᠨᠢᠭᠡᠳᠦᠭᠡᠷ ᠤᠯᠠᠷᠢᠯ ᠳᠤ᠂ ᠨᠡᠶᠢᠭᠡᠮ ᠤᠨ ᠲᠠᠸᠠᠷ ᠤᠨ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ 14.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8%᠎ ᠪᠠᠷ ᠨᠡᠮᠡᠭᠳᠡᠪᠡ ᠃ ᠡᠭᠦᠨ ᠤ ᠳᠣᠲᠣᠷ᠎ᠠ ᠄ ᠪᠥᠭᠡᠮ ᠢᠶᠠᠷ ᠬᠤᠳᠠᠯᠳᠤᠬᠤ ᠦᠢᠯᠡᠰ 724 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ 54 ᠎ ᠪᠠᠷ ᠨᠡᠮᠡᠭᠳᠡᠪᠡ ; ᠵᠢᠵᠢᠭᠯᠡᠨ ᠬᠤᠳᠠᠯᠳᠤᠬᠤ ᠦᠢᠯᠡᠰ 636 ᠳ᠋ᠦᠩᠰᠢᠭᠤᠷ ᠲᠥᠭᠦᠷᠢᠭ ᠲᠤ ᠬᠦᠷᠴᠦ ᠂ 145% ᠎ ᠪᠠᠷ ᠨᠡᠮᠡᠭᠳᠡᠪᠡ ; ᠬᠤᠨᠣᠭᠯᠠᠬᠤ ᠦᠢᠯᠡᠰ 0.10 ᠳ᠋ᠦᠩᠰᠢᠭᠤᠷ ᠲᠥᠭᠦᠷᠢᠭ ᠲᠤ ᠬᠦᠷᠴᠦ᠂ 18.2%᠎ ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ 0.73 ᠳ᠋ᠦᠩᠰᠢᠭᠤᠷ ᠲᠥᠭᠦᠷᠢᠭ ᠲᠤ ᠬᠦᠷᠴᠦ ᠂ 15.2% ᠎ ᠢᠶᠠᠷ ᠨᠡᠮᠡᠭᠳᠡᠪᠡ ᠃ᠳᠥᠷᠪᠡ ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠨᠡᠯᠢᠶᠡᠳ ᠶᠡᠭᠡ ᠪᠠᠶᠢᠵᠤ ᠂ ᠵᠠᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 4.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.2% ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 3.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3%᠎ ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 73.5%᠎ ᠶᠢ ᠡᠵᠡᠯᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 9.23 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠡᠢ ᠃    ᠲᠠᠪᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠪᠡ    3 ᠰᠠᠷ᠎ᠠ ᠶᠢᠨ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 325.49 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠎ ᠬᠢ ᠠᠴᠠ 5.6%᠎ ᠪᠠᠷ ᠨᠡᠮᠡᠭᠳᠡᠵᠡᠢ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 290.82 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 6.2%᠎ ᠢᠶᠠᠷ ᠨᠡᠮᠡᠭᠳᠡᠵᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 216.23 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.7%᠎ ᠪᠠᠷ ᠨᠡᠮᠡᠭᠳᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1