1- 4 ᠰᠠᠷ᠎ᠠ ᠳᠤ᠂ ᠪᠥᠬᠦ ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠣᠭᠤᠷᠢᠭ ᠤᠨ ᠨᠠᠮ ᠤᠨ ᠬᠤᠷᠢᠶ᠎ᠠ | ᠂ ᠲᠣᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠠᠰᠤᠷᠠᠯᠲᠠ ᠦᠭᠡᠢ ᠰᠠᠶᠢᠵᠢᠷᠠᠨ᠂ ᠪᠥᠬᠦ | ᠲᠣᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠲᠣᠭᠲᠠᠭᠤᠨ ᠢᠶᠠᠷ ᠰᠠᠶᠢᠵᠢᠷᠠᠬᠤ ᠪᠠᠶᠢᠳᠠᠯ ᠢᠯᠡᠷᠡᠪᠡ᠃ | ᠨᠢᠭᠡ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠂ ᠨᠡᠮᠡᠭᠳᠡᠯ | ᠦᠷᠳᠡᠭ ᠤᠨ ᠨᠡᠮᠡᠭᠳᠡᠯ ᠤᠨ ᠬᠤᠷᠳᠤᠴᠠ ᠰᠥᠭᠡᠷᠭᠦ ᠨᠡᠮᠡᠭᠳᠡᠯ ᠃ | 1- 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ | ᠥᠷᠲᠡᠭ 76.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ | ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 2.6% ᠪᠠᠷ | ᠪᠠᠭᠤᠷᠠᠪᠠ᠃ | ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃ 1 ︱ 4 ᠰᠠᠷ᠎ᠠ ᠳᠤ᠂ ᠫᠢᠩ ᠮᠧᠶ ᠪᠦᠯᠦᠭᠯᠡᠯ᠂ | ᠶᠤᠸᠠᠨ ᠪᠦᠦ ᠱᠠᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ | ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 21.06 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 19.4% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠠᠴᠠ 12.5 ᠵᠠᠭᠤᠨ ᠤ ᠨᠢᠭᠡᠴᠢ | ᠳᠣᠣᠷ᠎ᠠ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ 27.5% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 6.2 ᠵᠠᠭᠤᠨ ᠤ ᠨᠢᠭᠡᠴᠢ ᠪᠠᠭᠤᠷᠠᠭᠤᠯᠪᠠ᠃ | ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠦᠨᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ᠃ 1-4 ᠰᠠᠷ᠎ᠠ ᠳᠤ᠂ ᠶᠤᠸᠠᠨ ᠪᠦᠦ ᠱᠠᠨ ᠤ ᠠᠵᠤ ᠦᠢᠯᠡᠰ ᠤᠨ | ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 44.15 | ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠠᠴᠠ 6.5 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 57.7% ᠶᠢ ᠡᠵᠡᠯᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.2 ᠵᠠᠭᠤᠨ ᠤ | ᠨᠢᠭᠡᠴᠢ ᠪᠠᠭᠤᠷᠠᠭᠤᠯᠪᠠ᠃ ᠳ᠋ᠦᠩᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ 4.55 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ | ᠬᠤᠭᠤᠴᠠᠭᠠᠨ ᠤ ᠬᠢ ᠠᠴᠠ 128.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠠᠴᠠ 135.5 ᠵᠠᠭᠤᠨ ᠤ ᠨᠢᠭᠡᠴᠢ | ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠪᠠᠷᠢᠮᠵᠢᠶ᠎ᠠ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠤᠨ 5.9% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠤᠷᠳᠤᠴᠠ ᠶᠢ 3.1 ᠵᠠᠭᠤᠨ ᠤ ᠨᠢᠭᠡᠴᠢ ᠳᠡᠭᠡᠭᠰᠢᠯᠡᠭᠦᠯᠪᠡ᠃ ᠠᠵᠤ ᠦᠢᠯᠡᠰ ᠤᠨ | ᠬᠦᠷᠢᠶᠡᠯᠡᠩ ᠤᠨ ᠭᠤᠣᠯ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 4.66 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠪᠠᠭᠤᠷᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ | ᠠᠴᠠ 17.0 ᠵᠠᠭᠤᠨ ᠤ ᠨᠢᠭᠡᠴᠢ ᠳᠣᠣᠷ᠎ᠠ ᠪᠣᠯᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.1% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.8 ᠵᠠᠭᠤᠨ ᠤ ᠨᠢᠭᠡᠴᠢ | ᠪᠠᠭᠤᠷᠠᠭᠤᠯᠪᠠ ᠃ | ︵ ᠭᠤᠷᠪᠠ ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠃ 1—4 ᠰᠠᠷ᠎ᠠ ᠳᠤ᠂ | ᠦᠢᠯᠡᠳᠬᠦᠨ ᠤ ᠥᠷᠲᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 8 ᠪᠠᠶᠢᠵᠤ᠂ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 68.47 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3.0% ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 89.5% ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.6 ᠵᠠᠭᠤᠨ ᠤ ᠨᠢᠭᠡᠴᠢ | ᠪᠠᠭᠤᠷᠠᠭᠤᠯᠪᠠ ᠃ | ︵ᠳᠥᠷᠪᠡ︶ ᠭᠤᠷᠪᠠᠨ ᠶᠡᠭᠡ ᠭᠤᠣᠯ ᠠᠵᠢᠯ ᠲᠥᠷᠥᠯ᠃ 1—4 ᠰᠠᠷ᠎ᠠ ᠳᠤ᠂ ᠡᠨᠧᠷᠭᠢ ᠶᠢᠨ ᠰᠤᠷᠪᠤᠯᠵᠢ᠂ | ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ | ᠪᠡᠶᠡᠯᠡᠭᠦᠯᠦᠭᠰᠡᠨ ᠦᠢᠯᠡᠳᠬᠦᠨ ᠤ ᠥᠷᠲᠡᠭ 75.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.7% ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 98.1% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 5.5 ᠵᠠᠭᠤᠨ ᠤ ᠨᠢᠭᠡᠴᠢ | ᠪᠠᠭᠤᠷᠠᠭᠤᠯᠪᠠ ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 28.17 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠪᠠᠭᠤᠷᠠᠵᠤ᠂ | ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ | 36.8% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ ᠶᠢ 3.9 ᠵᠠᠭᠤᠨ ᠤ ᠨᠢᠭᠡᠴᠢ ᠪᠠᠭᠤᠷᠠᠭᠤᠯᠪᠠ ︔ ᠢᠳᠡᠭᠡᠨ ᠪᠣᠯᠪᠠᠰᠤᠷᠠᠭᠤᠯᠬᠤ ᠠᠵᠢᠯ | ᠲᠥᠷᠥᠯ ᠤᠨ ᠦᠢᠯᠡᠳᠬᠦᠨ ᠤ ᠥᠷᠲᠡᠭ 23.40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.6% ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.6% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.7 ᠵᠠᠭᠤᠨ ᠤ ᠨᠢᠭᠡᠴᠢ | ᠪᠠᠭᠤᠷᠠᠭᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 23.50 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ ᠶᠡᠷᠦᠩᠬᠡᠢ | ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.7% | ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ ᠶᠢ 1.1 ᠵᠠᠭᠤᠨ ᠤ ᠨᠢᠭᠡᠴᠢ ᠳᠡᠭᠡᠭᠰᠢᠯᠡᠭᠦᠯᠪᠡ᠃ | ︵ ᠲᠠᠪᠤ ︶ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠃ 1—4 ᠰᠠᠷ᠎ᠠ ᠳᠤ ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠢ 8 ᠵᠣᠭᠰᠣᠭᠠᠵᠤ ᠂ ᠦᠢᠯᠡᠳᠬᠦᠨ ᠤ ᠦᠷᠳᠡᠭ ᠨᠢ ᠠᠳᠠᠯᠢ ᠬᠤᠭᠤᠴᠠᠭᠠᠨ ᠤ | ᠬᠢ ᠠᠴᠠ 0.49 ᠳ᠋ᠦᠩᠰᠢᠭᠤᠷ ᠲᠥᠭᠦᠷᠢᠭ ᠪᠠᠭᠠᠰᠪᠠ ᠃ | ︵ᠵᠢᠷᠭᠤᠭ᠎ᠠ︶ ᠦᠢᠯᠡᠳᠬᠦᠨ ᠤ ᠥᠷᠲᠡᠭ ᠨᠢ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ᠃ 1—4 | ᠰᠠᠷ᠎ᠠ ᠳᠤ᠂ ᠦᠢᠯᠡᠳᠪᠦᠷᠢᠯᠡᠯ ᠢᠶᠠᠨ ᠵᠣᠭᠰᠣᠭᠠᠭᠰᠠᠨ 8 ᠠᠵᠤ ᠠᠬᠤᠶᠢᠯᠠᠯ ᠠᠴᠠ ᠭᠠᠳᠠᠨ᠎ᠠ᠂ ᠬᠡᠪᠴᠢᠶᠡᠵᠢᠯ ᠠᠴᠠ | ᠳᠡᠭᠡᠭᠰᠢᠬᠢ ᠳᠤ ᠪᠠᠰᠠ 22 ᠦᠢᠯᠡᠳᠬᠦᠨ ᠤ ᠥᠷᠲᠡᠭ ᠨᠢ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ 43.80 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19. | 3% ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠭᠰᠠᠨ ᠠᠵᠤ ᠦᠢᠯᠡᠳᠪᠦᠷᠢ ᠶᠢᠨ 57.2% ᠢ ᠡᠵᠡᠯᠡᠵᠦ | ᠂ ᠬᠡᠪᠴᠢᠶᠡᠵᠢᠯ ᠠᠴᠠ ᠳᠡᠭᠡᠭᠰᠢᠬᠢ ᠶᠢᠨ ᠦᠢᠯᠡᠳᠬᠦᠨ ᠤ ᠥᠷᠲᠡᠭ ᠢ ᠳᠣᠷᠣᠭᠰᠢ ᠪᠠᠨ 12.7 ᠵᠠᠭᠤᠨ ᠤ ᠨᠢᠭᠡᠴᠢ | ᠪᠠᠭᠤᠷᠠᠭᠤᠯᠪᠠ ᠃ | ︵ᠲᠤᠯᠤᠭ᠎ᠠ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠃ 1— | 4 ᠰᠠᠷ᠎ᠠ ᠳᠤ᠂ ᠨᠡᠭᠦᠷᠡᠰᠦᠨ ᠤ ᠭᠠᠷᠤᠯᠲᠠ 468.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 17.9% ᠪᠠᠷ ᠪᠠᠭᠤᠷᠠᠪᠠ᠂ ᠡᠭᠦᠨ ᠳᠤ᠄ ᠫᠢᠩ ᠮᠧᠶ ᠪᠦᠯᠦᠭᠯᠡᠯ ᠤᠨ ᠨᠡᠭᠦᠷᠡᠰᠦᠨ ᠤ ᠭᠠᠷᠤᠯᠲᠠ 447. | 7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.8% ᠪᠠᠷ ᠪᠠᠭᠤᠷᠠᠪᠠ︔ ᠴᠠᠬᠢᠯᠭᠠᠨ | ᠭᠠᠷᠭᠠᠭᠰᠠᠨ ᠬᠡᠮᠵᠢᠶ᠎ᠡ 36.07 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 23.0% ᠨᠡᠮᠡᠭᠳᠡᠵᠡᠢ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 23.29 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.1% ᠨᠡᠮᠡᠭᠳᠡᠵᠡᠢ︔ ᠬᠡᠦᠷᠡᠰᠦ ᠶᠢᠨ ᠭᠠᠷᠤᠯᠲᠠ 18.3 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.0% ᠨᠡᠮᠡᠭᠳᠡᠪᠡ︔ ᠰᠢᠩᠭᠡᠨ ᠪᠡᠶᠡᠲᠦ ᠰᠦᠨ ᠤ ᠭᠠᠷᠤᠯᠲᠠ 4.4 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠪᠠᠭᠤᠷᠠᠪᠠ︔ ᠲᠡᠵᠢᠭᠡᠯ ᠪᠣᠷᠳᠣᠭᠠᠨ ᠤ | ᠨᠡᠮᠡᠯᠲᠡ ᠡᠳ᠋ ᠤᠨ ᠭᠠᠷᠤᠯᠲᠠ 14.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% | ᠨᠡᠮᠡᠭᠳᠡᠪᠡ᠃ | ︵ᠨᠠᠢᠮᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ 1—4 ᠰᠠᠷ᠎ᠠ ᠳᠤ᠂ ᠠᠵᠤ ᠦᠢᠯᠡᠳᠪᠦᠷᠢ ᠶᠢᠨ | ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ 57.2 ᠲᠦᠮᠡᠨ ᠲᠣᠨ ᠪᠠᠷᠢᠮᠵᠢᠶᠠᠲᠤ ᠨᠡᠭᠦᠷᠡᠰᠦ | ᠲᠣᠭᠲᠠᠭᠠᠵᠤ᠂ ᠠᠳᠠᠯᠢ ᠬᠤᠭᠤᠴᠠᠭᠠᠨ ᠤ ᠬᠢ ᠠᠴᠠ 1.6 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ | ᠠᠳᠠᠯᠢ ᠬᠤᠭᠤᠴᠠᠭᠠᠨ ᠤ ᠬᠢ ᠠᠴᠠ 2.9% ᠨᠡᠮᠡᠭᠳᠡᠵᠡᠢ᠃ ᠡᠭᠦᠨ ᠳᠤ 1 ᠲᠦᠮᠡᠨ ᠲᠣᠨ ᠠᠴᠠ ᠳᠡᠭᠡᠭᠰᠢ ᠡᠨᠧᠷᠭᠢ | ᠶᠢᠨ ᠬᠤᠷᠣᠭᠳᠠᠭᠤᠯᠤᠯ ᠲᠠᠢ 8 ᠡᠷᠦᠬᠡ ᠳᠤ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ 51.7 | ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0 ᠲᠦᠮᠡᠨ ᠲᠣᠨ | ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠵᠡᠢ᠃ ᠡᠨᠧᠷᠭᠢ ᠶᠢᠨ | ᠬᠤᠷᠣᠭᠳᠠᠯ ᠢᠶᠠᠷ ᠬᠠᠮᠤᠭ ᠤᠨ ᠶᠡᠭᠡ ᠢ ᠫᠢᠨ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ 27.0 ᠲᠦᠮᠡᠨ | ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.4 ᠲᠦᠮᠡᠨ ᠲᠣᠨ ᠪᠠᠷᠢᠮᠵᠢᠶᠠᠲᠤ | ᠨᠡᠭᠦᠷᠡᠰᠦ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 1.3% ᠪᠠᠷ ᠪᠠᠭᠤᠷᠠᠵᠤ᠂ ᠶᠡᠷᠦᠩᠬᠡᠢ ᠬᠡᠮᠵᠢᠶᠡᠨ ᠤ | 47.1% ᠶᠢ ᠡᠵᠡᠯᠡᠪᠡ︔ ᠠᠩᠬᠠᠨ ᠤ ᠴᠠᠬᠢᠯᠭᠠᠨ ᠤ ᠡᠨᠧᠷᠭᠢ ᠶᠢᠨ ᠬᠤᠷᠣᠭᠳᠠᠯ 5.9 ᠲᠦᠮᠡᠨ ᠲᠣᠨ | ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.3 ᠲᠦᠮᠡᠨ ᠲᠣᠨ ᠪᠠᠷᠢᠮᠵᠢᠶᠠᠲᠤ | ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠵᠦ᠂ ᠶᠡᠷᠦᠩᠬᠡᠢ ᠬᠡᠮᠵᠢᠶᠡᠨ ᠤ 10. | 3% ᠶᠢ ᠡᠵᠡᠯᠡᠪᠡ᠃ | ᠬᠤᠶᠠᠷ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ | 1—4 ᠰᠠᠷ᠎ᠠ ᠳᠤ ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 102 ᠪᠣᠯᠪᠠ | ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ ᠡᠭᠦᠨ ᠳᠤ 47 ︵ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠠᠵᠢᠯ ᠡᠬᠢᠯᠡᠭᠦᠯᠵᠦ᠂ 10. | 43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 31.9% ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ | ᠪᠡᠯᠡ ᠣᠷᠣᠭᠤᠯᠤᠯᠲᠠ ᠶᠢ 10.20 ᠳ᠋ᠦᠩᠰᠢᠭᠤᠷ ᠲᠥᠭᠦᠷᠢᠭ ᠪᠡᠶᠡᠯᠡᠭᠦᠯᠵᠦ᠂ 35.6% ᠪᠠᠷ ᠨᠡᠮᠡᠭᠳᠡᠪᠡ︔ | 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠳᠤ 0.23 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 40.2% ᠢᠶᠠᠷ ᠪᠠᠭᠤᠷᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠤᠨ ᠪᠡᠯᠡ ᠣᠷᠣᠭᠤᠯᠤᠯᠲᠠ ᠶᠢ 0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ ᠶᠢ 0 ᠪᠣᠯᠭᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ 0.09 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25. | 6% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 8.99 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 67.8% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠲᠤ 1.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 44.3% ᠪᠠᠷ ᠪᠠᠭᠤᠷᠠᠪᠠ᠃ | ᠭᠤᠷᠪᠠ ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠤᠨ ᠬᠠᠨᠳᠤᠰᠢ ᠡᠷᠴᠢᠮᠲᠡᠢ ᠪᠠᠶᠢᠨ᠎ᠠ | 1—4 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 13. | 40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠵᠡᠢ᠂ | ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 0.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 42.6% ᠨᠡᠮᠡᠭᠳᠡᠵᠡᠢ᠃ | ᠳᠥᠷᠪᠡ ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ ᠂ ᠵᠠᠷᠤᠯᠭ᠎ᠠ | ᠡᠳᠦᠢ ᠲᠡᠳᠦᠢ ᠪᠠᠭᠤᠷᠠᠪᠠ ᠃ | 1 ︱ 4 ᠰᠠᠷ᠎ᠠ ᠳᠤ᠂ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 4. | 81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠪᠡ᠃ | ᠡᠭᠦᠨ ᠳᠤ᠂ ᠭᠠᠶᠢᠯᠢ ᠶᠢᠨ ᠣᠷᠣᠯᠭ᠎ᠠ 3.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.7% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 75.5% ᠶᠢ | ᠡᠵᠡᠯᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 10.80 ᠳ᠋ᠦᠩᠰᠢᠭᠤᠷ ᠲᠥᠭᠦᠷᠢᠭ ᠲᠤ | ᠬᠦᠷᠴᠦ ᠂ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠪᠠ ᠃ | ᠲᠠᠪᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ | ᠲᠣᠭᠲᠠᠭᠤᠨ ᠢᠶᠠᠷ ᠨᠡᠮᠡᠭᠳᠡᠪᠡ ᠃ | 4 ᠰᠠᠷ᠎ᠠ ᠶᠢᠨ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ 322.44 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ | ᠬᠢ ᠠᠴᠠ 4.7% ᠪᠠᠷ ᠨᠡᠮᠡᠭᠳᠡᠵᠡᠢ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ | ᠲᠤᠭ᠎ᠠ 289.34 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 5.7% ᠪᠠᠷ | ᠨᠡᠮᠡᠭᠳᠡᠵᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 218.39 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠤ ᠬᠢ ᠠᠴᠠ 2.7% ᠪᠠᠷ ᠨᠡᠮᠡᠭᠳᠡᠪᠡ ᠃ | | |