ᠮᠠᠨ ᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠰᠠᠷ᠎ᠠ ᠪᠦᠷᠢ 840 ᠲᠥᠭᠦᠷᠢᠭ ᠪᠠ 670 ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/6/30
    6 ᠳ᠋ᠤᠭᠠᠷ ᠰᠠᠷ᠎ᠠ ᠶᠢᠨ 26᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠭᠠᠰᠢ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠂ ᠦᠨᠳᠦᠰᠦᠨ ᠵᠦᠢᠯ ᠢ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ ᠪᠠᠶᠢᠨ᠎ᠠ᠃ 2023 ᠣᠨ ᠳᠤ᠂ ᠮᠠᠨ ᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠲᠣᠰ ᠲᠣᠰ 840 ᠲᠥᠭᠦᠷᠢᠭ / ᠰᠠᠷ᠎ᠠ᠂ 670 ᠲᠥᠭᠦᠷᠢᠭ / ᠰᠠᠷ᠎ᠠ ᠳᠤ ᠬᠦᠷᠴᠦ᠂ ᠲᠣᠰ ᠲᠣᠰ ᠪᠥᠬᠦ ᠤᠯᠤᠰ ᠤᠨ 9᠂ 10 ᠳ᠋ᠤᠭᠠᠷ ᠲᠤ ᠵᠢᠭᠰᠠᠭᠠᠭᠳᠠᠪᠠ᠃    ᠨᠡᠶᠢᠭᠡᠮ ᠤᠨ ᠲᠡᠩᠬᠡᠷᠡᠭᠦᠯᠦᠨ ᠲᠤᠰᠠᠯᠠᠯᠲᠠ ᠶᠢ ᠭᠦᠨᠵᠡᠭᠡᠶᠢᠷᠡᠭᠦᠯᠵᠦ᠂ ᠲᠡᠩᠬᠡᠷᠡᠭᠦᠯᠦᠨ ᠲᠤᠰᠠᠯᠠᠯᠲᠠ ᠶᠢ ᠬᠦᠷᠲᠡᠬᠦ ᠤᠯᠠᠨ ᠲᠦᠮᠡᠨ ᠤ ᠠᠮᠢᠳᠤᠷᠠᠯ ᠢ ᠪᠠᠲᠤᠯᠠᠭ᠎ᠠ ᠲᠠᠢ ᠪᠣᠯᠭᠠᠬᠤ ᠳᠤ ᠠᠷᠭ᠎ᠠ ᠬᠡᠮᠵᠢᠶ᠎ᠡ ᠪᠠ ᠦᠢᠯᠡ ᠠᠵᠢᠯᠯᠠᠭ᠎ᠠ ᠪᠠᠷ ᠭᠤᠣᠯᠳᠠᠯᠭ᠎ᠠ ᠪᠣᠯᠭᠠᠵᠤ᠂ ᠪᠣᠳᠠᠲᠤ ᠶᠠᠪᠤᠳᠠᠯ ᠢ ᠰᠠᠶᠢᠲᠤᠷ ᠬᠢᠬᠦ ᠳᠤ ᠪᠣᠢ᠃ ᠨᠢᠳᠤᠨᠤᠨ ᠠᠴᠠ ᠨᠠᠭᠠᠰᠢ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠰᠠᠭᠤᠷᠢ ᠶᠢ ᠪᠠᠲᠤᠯᠠᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠬᠥᠳᠡᠯᠮᠦᠷᠢᠯᠡᠬᠦ ᠴᠢᠳᠠᠪᠤᠷᠢ ᠦᠭᠡᠢ ᠬᠢᠨᠠᠨ ᠰᠢᠨᠵᠢᠬᠦ ᠡᠲᠡᠭᠡᠳ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ 37.7 ᠲᠦᠮᠡᠨ ᠬᠥᠮᠥᠨ ᠠᠮᠠ ᠪᠣᠯᠣᠨ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ 5.4 ᠲᠦᠮᠡᠨ ᠬᠢᠨᠠᠨ ᠰᠢᠨᠵᠢᠬᠦ ᠡᠲᠡᠭᠡᠳ ᠢ ᠲᠦᠷᠦᠯ ᠬᠤᠪᠢᠶᠠᠨ ᠲᠡᠩᠬᠡᠷᠡᠭᠦᠯᠦᠨ ᠲᠤᠰᠠᠯᠠᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠡᠭᠦᠨ ᠤ ᠵᠡᠷᠭᠡ ᠪᠠᠷ᠂ ᠣᠷᠣᠯᠭ᠎ᠠ ᠪᠠᠭᠠᠲᠠᠢ ᠬᠥᠮᠥᠨ ᠠᠮᠠ ᠶᠢ ᠰᠠᠨᠠᠭᠠᠴᠢᠯᠠᠭ᠎ᠠ ᠲᠠᠢ ᠪᠠᠷ ᠢᠯᠡᠷᠡᠭᠦᠯᠬᠦ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ 189.8 ᠲᠦᠮᠡᠨ ᠬᠥᠮᠥᠨ ᠠᠮᠠ ᠶᠢ ᠪᠠᠶᠢᠩᠭᠤᠵᠢᠭᠰᠠᠨ ᠬᠢᠨᠠᠨ ᠰᠢᠨᠵᠢᠯᠡᠯᠲᠡ ᠳᠤ ᠣᠷᠣᠭᠤᠯᠪᠠ᠃ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠨᠢᠳᠤᠨᠤᠨ ᠵᠢᠯ ᠤᠨ ᠰᠡᠭᠦᠯᠴᠢ ᠠᠴᠠ ᠨᠠᠭᠠᠰᠢ᠂ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠭᠤᠷᠢ ᠶᠢ ᠲᠠᠶᠢᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠡᠳᠬᠦᠬᠦ ᠨᠠᠢᠮᠠᠨ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠦᠷᠢᠶᠡᠨ ᠳᠠᠬᠢ ︽ᠴᠢᠳᠠᠪᠤᠷᠢ ᠶᠢ ᠳᠡᠭᠡᠭᠰᠢᠯᠡᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ᠂ ᠪᠣᠳᠠᠲᠠᠢ ᠪᠠᠷ ᠠᠵᠢᠯᠯᠠᠨ ᠠᠷᠠᠳ ᠲᠤ ᠠᠰᠢᠭ ᠬᠦᠷᠲᠡᠭᠡᠬᠦ︾ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠨᠡᠶᠢᠲᠡ 16.4 ᠲᠦᠮᠡᠨ ᠬᠥᠮᠥᠨ ᠤᠳᠠᠭ᠎ᠠ ᠵᠢᠭᠰᠠᠭᠠᠨ ᠪᠠᠶᠢᠴᠠᠭᠠᠵᠤ᠂ ᠣᠨᠴᠠᠭᠠᠶ ᠬᠥᠮᠥᠰ ᠢ 16.9 ᠲᠦᠮᠡᠨ ᠬᠥᠮᠥᠨ ᠤᠳᠠᠭ᠎ᠠ ᠡᠷᠭᠢᠨ ᠦᠵᠡᠵᠦ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠭᠡᠷ ᠲᠤ ᠪᠠᠨ ᠬᠤᠴᠣᠷᠤᠭᠰᠠᠨ ᠪᠠ ᠭᠠᠭᠴᠠᠭᠠᠷ ᠰᠠᠭᠤᠭᠰᠠᠳ ᠵᠡᠷᠭᠡ ᠨᠠᠰᠤᠲᠠᠶᠢᠴᠤᠳ ᠢ 19.6 ᠲᠦᠮᠡᠨ ᠬᠥᠮᠥᠨ ᠤᠳᠠᠭ᠎ᠠ ᠪᠣᠳᠠᠲᠤ ᠪᠣᠳᠠᠰ ᠢᠶᠠᠷ ᠲᠡᠩᠬᠡᠷᠡᠭᠦᠯᠦᠨ ᠲᠤᠰᠠᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1