314 ᠵᠤᠷᠪᠤᠰ ᠰᠠᠭᠠᠳ ᠦᠭᠡᠢ ᠨᠡᠪᠲᠡᠷᠡᠬᠦ ᠵᠠᠮ ᠢᠶᠠᠷ ᠵᠣᠨ ᠤ ᠤᠯᠠᠷᠢᠯ ᠤᠨ ᠡᠨᠧᠷᠭᠢ ᠶᠢᠨ ᠰᠤᠷᠪᠤᠯᠵᠢ ᠶᠢᠨ ᠡᠳ᠋ ᠪᠣᠳᠠᠰ ᠤᠨ ᠲᠡᠭᠡᠭᠡᠪᠦᠷᠢ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/6/30
    ᠣᠷᠭᠢᠯ ᠦᠶ᠎ᠡ ᠶᠢ ᠤᠭᠲᠤᠵᠤ᠂ ᠵᠤᠨ ᠤ ᠤᠯᠠᠷᠢᠯ ᠢ ᠲᠤᠭᠤᠯᠬᠤ ᠡᠨᠧᠷᠭᠢ ᠶᠢᠨ ᠰᠤᠷᠪᠤᠯᠵᠢ ᠶᠢᠨ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠬᠤᠯᠪᠣᠭᠠᠯᠠᠨ ᠬᠥᠲᠥᠯᠥᠯᠴᠡᠵᠦ᠂ ᠣᠳᠣᠬᠠᠨ ᠳᠤ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠳᠤ ᠨᠢᠭᠡᠨᠲᠡ 314 ᠵᠤᠷᠪᠤᠰ ᠰᠠᠭᠠᠳ ᠦᠭᠡᠢ ᠨᠡᠪᠲᠡᠷᠡᠬᠦ ᠵᠠᠮ ᠢ ᠨᠠᠪᠲᠠᠷᠡᠭᠦᠯᠵᠦ᠂ ᠴᠠᠬᠢᠯᠭᠠᠨ ᠨᠡᠭᠦᠷᠡᠰᠦ ᠶᠢᠨ ᠡᠨᠧᠷᠭᠢ ᠶᠢᠨ ᠰᠤᠷᠪᠤᠯᠵᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠢᠳ ᠢᠶᠠᠷ ᠳᠥᠭᠦᠮ ᠳᠥᠲᠡ ᠨᠡᠪᠲᠡᠷᠡᠬᠦ ᠶᠢ ᠪᠠᠲᠤᠯᠠᠪᠠ᠃    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠯᠠᠨ ᠰᠠᠯᠠᠭ᠎ᠠ ᠮᠥᠴᠢᠷ ᠤᠨ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠨᠧᠷᠭᠢ ᠶᠢᠨ ᠰᠤᠷᠪᠤᠯᠵᠢ ᠂ ᠲᠡᠮᠦᠷ ᠵᠠᠮ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠨᠡᠭᠦᠷᠡᠰᠦ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠣᠶᠢᠯᠠᠭᠠᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠶᠢ ᠰᠤᠳᠤᠯᠤᠨ ᠮᠠᠭᠠᠳᠯᠠᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠲᠠᠯ᠎ᠠ ᠶᠢᠨ ᠠᠰᠠᠭᠤᠳᠠᠯ ᠳᠤ ︽ᠨᠢᠭᠡ ᠨᠢᠭᠡ ᠶᠠᠪᠤᠳᠠᠯ ᠢᠶᠠᠷ ᠭᠦᠢᠴᠡᠳᠬᠡᠬᠦ︾ ︽ᠪᠠᠴᠢᠮ ᠶᠠᠪᠤᠳᠠᠯ ᠢ ᠲᠦᠷᠭᠡᠨ ᠭᠦᠢᠴᠡᠳᠬᠡᠬᠦ︾ ︽ᠨᠢᠭᠡ ᠨᠢᠭᠡ ᠶᠠᠪᠤᠳᠠᠯ ᠢᠶᠠᠷ ᠵᠣᠬᠢᠴᠠᠭᠤᠯᠬᠤ︾᠎ ᠶᠢ ᠬᠡᠷᠡᠭᠵᠢᠭᠦᠯᠵᠦ ᠪᠠᠶᠢᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠯᠴᠠᠬᠤ ᠳᠦᠷᠢᠮ ᠢ ᠪᠠᠶᠢᠭᠤᠯᠵᠤ᠂ ᠪᠥᠬᠦ ᠣᠷᠣᠨ ᠤ 67 ᠨᠡᠭᠦᠷᠡᠰᠦ ᠬᠡᠷᠡᠭᠯᠡᠬᠦ ᠴᠠᠬᠢᠯᠭᠠᠨ ᠤ ᠦᠢᠯᠡᠳᠪᠦᠷᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ᠂ ᠨᠦᠭᠡᠴᠡᠯᠡᠯᠲᠡ᠂ ᠵᠠᠷᠤᠴᠠᠭᠤᠯᠭ᠎ᠠ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠬᠥᠳᠡᠯᠦᠩᠭᠦᠢ ᠮᠡᠳᠡᠭᠡ ᠵᠠᠩᠭᠢ ᠵᠢᠴᠢ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠣᠶᠢᠯᠠᠭᠠᠨ᠂ ᠨᠥᠭᠡᠴᠡᠯᠡᠭᠰᠡᠨ ᠨᠡᠭᠦᠷᠡᠰᠤᠨ ᠤ ᠬᠡᠮᠵᠢᠶ᠎ᠠ ᠨᠢ ᠰᠡᠷᠡᠮᠵᠢᠯᠡᠭᠦᠯᠬᠦ ᠱᠤᠭᠤᠮ ᠠᠴᠠ ᠳᠣᠣᠷ᠎ᠠ ᠪᠠᠶᠢᠭ᠎ᠠ ᠴᠠᠬᠢᠯᠭᠠᠨ ᠤ ᠦᠢᠯᠡᠳᠪᠦᠷᠢ ᠶᠢᠨ ᠲᠡᠭᠡᠭᠡᠪᠦᠷᠢ ᠶᠢ ᠤᠷᠢᠳ ᠢᠶᠠᠷ ᠪᠠᠲᠤᠯᠠᠵᠤ᠂ ᠡᠨᠧᠷᠭᠢ ᠶᠢᠨ ᠰᠤᠷᠪᠤᠯᠵᠢ ᠶᠢᠨ ᠡᠳ᠋ ᠪᠣᠳᠠᠰ ᠤᠨ ᠲᠡᠭᠡᠭᠡᠪᠦᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ TOCC᠎ ᠳᠤ ᠲᠦᠰᠢᠭᠯᠡᠨ ᠪᠥᠬᠦ ᠣᠷᠣᠨ ᠤ ᠵᠠᠮ ᠤᠨ ᠲᠣᠣᠷ ᠤᠨ ᠠᠵᠢᠯᠯᠠᠭᠠᠨ ᠤ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠴᠠᠬᠢᠯᠭᠠᠨ ᠨᠡᠭᠦᠷᠡᠰᠦ ᠲᠡᠭᠡᠭᠡᠪᠦᠷᠢᠯᠡᠬᠦ ᠭᠤᠣᠯᠳᠠᠯᠭ᠎ᠠ ᠲᠠᠢ ᠣᠷᠣᠨ ᠬᠡᠪᠴᠢᠶ᠎ᠡ᠂ ᠭᠤᠣᠯᠳᠠᠯᠭ᠎ᠠ ᠲᠠᠢ ᠵᠠᠮ ᠤᠨ ᠬᠡᠰᠡᠭ᠂ ᠲᠡᠭᠡᠭᠡᠪᠦᠷᠢ ᠶᠢᠨ ᠨᠡᠪᠲᠡᠷᠡᠬᠦ ᠵᠠᠮ ᠳᠤ ᠭᠤᠣᠯᠳᠠᠯᠭ᠎ᠠ ᠲᠠᠢ ᠬᠢᠨᠠᠨ ᠰᠢᠨᠵᠢᠯᠡᠯᠲᠡ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠲᠡᠷᠭᠡ ᠬᠥᠰᠬᠡ ᠶᠢ ᠬᠥᠲᠥᠯᠥᠨ ᠵᠢᠯᠤᠭᠤᠳᠴᠤ ᠪᠠᠶᠢᠭᠠᠳ ᠲᠡᠭᠡᠭᠡᠪᠦᠷᠢ ᠶᠢᠨ ᠵᠠᠮ ᠱᠤᠭᠤᠮ ᠢ ᠵᠦᠢ ᠵᠣᠬᠢᠰᠲᠠᠢ ᠲᠣᠬᠢᠷᠠᠭᠤᠯᠵᠤ ᠪᠠᠶᠢᠨ᠎ᠠ᠃ ᠡᠭᠦᠨ ᠤ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠯ᠎ᠡ ᠠᠶᠢᠮᠠᠭ ᠬᠤᠲᠠ ᠶᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ 14 ᠮᠠᠰᠢᠨ ᠲᠡᠷᠭᠡᠨ ᠤ ᠠᠩᠭᠢ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠲᠦᠢᠯ ᠤᠨ ᠪᠠᠴᠢᠮ ᠪᠠᠶᠢᠳᠠᠯ ᠤᠨ ᠳᠣᠣᠷ᠎ᠠ ᠭᠠᠷᠴᠤ ᠮᠡᠳᠡᠬᠦ ᠲᠡᠭᠡᠭᠡᠪᠦᠷᠢ ᠶᠢᠨ ᠬᠦᠴᠦᠨ ᠳᠤᠲᠠᠭᠳᠠᠬᠤ ᠲᠦᠭᠰᠢᠭᠦᠷᠢ ᠶᠢ ᠠᠷᠭᠠᠴᠠᠭᠠᠬᠤ ᠪᠠᠷ ᠪᠠᠶᠢᠨ᠎ᠠ᠃ ᠦᠢᠯᠡᠴᠢᠯᠡᠭᠡᠨ ᠤ ᠲᠣᠭᠤᠷᠢᠭ᠂ ᠵᠢᠯᠣᠭᠤᠴᠢ ᠶᠢᠨ ᠭᠡᠷ ᠵᠡᠷᠭᠡ ᠲᠠᠯᠠᠪᠤᠷ ᠢ ᠭᠦᠢᠴᠡᠳ ᠠᠰᠢᠭᠯᠠᠨ ᠥᠷᠭᠡᠨ ᠣᠯᠠᠨ ᠵᠢᠯᠣᠭᠤᠴᠢ ᠪᠠ ᠲᠡᠷᠭᠡ ᠬᠥᠰᠬᠡ ᠶᠢᠨ ᠠᠵᠢᠯᠲᠠᠳ ᠲᠤ ᠠᠮᠠᠷᠠᠬᠤ᠂ ᠤᠰᠤ ᠤᠤᠭᠤᠬᠤ᠂ ᠴᠠᠬᠢᠯᠭᠠᠨ ᠴᠡᠨᠡᠭᠯᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠦ ᠪᠠᠶᠢᠨ᠎ᠠ᠃    ︽ᠲᠠᠷᠠᠭᠠᠴᠢ ᠶᠢᠨ ᠠᠯᠬᠤᠮ ᠳᠤ᠂ ᠪᠢᠳᠡ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠲᠡᠭᠡᠭᠡᠪᠦᠷᠢ ᠶᠢ ᠵᠣᠬᠢᠶᠠᠨ ᠪᠠᠶᠢᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠷᠭᠢᠯ ᠦᠶ᠎ᠡ ᠶᠢ ᠤᠭᠲᠤᠵᠤ᠂ ᠵᠤᠨ ᠤ ᠤᠯᠠᠷᠢᠯ ᠢ ᠲᠤᠭᠤᠯᠬᠤ ᠡᠨᠧᠷᠭᠢ ᠶᠢᠨ ᠰᠤᠷᠪᠤᠯᠵᠢ ᠶᠢᠨ ᠡᠳ᠋ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠵᠢᠯᠯᠠᠭᠠᠨ ᠳᠤ ᠲᠤᠯᠭᠠᠭᠤᠷᠢᠯᠠᠯ ᠬᠠᠩᠭᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1