ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠮᠠᠨ ᠤ ᠣᠷᠣᠨ ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2023/6/4
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ︽ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ︿ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ﹀᠎ ᠶᠢ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠭᠤᠷᠪᠠᠨ ᠵᠢᠯ ᠤᠨ ᠬᠤᠭᠤᠴᠠᠭ᠎ᠠ ᠲᠠᠢ ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ ᠴᠢᠩᠭᠠᠳᠬᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠢ᠃    ︽ᠬᠡᠷᠡᠭᠵᠢᠭᠦᠯᠬᠦ ᠰᠠᠨᠠᠯ︾᠎ ᠢ ᠦᠨᠳᠦᠰᠦᠯᠡᠪᠡᠯ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠭᠤᠯᠠᠨ ᠣᠶ᠂ ᠭᠤᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢᠶᠠᠷ ᠭᠤᠣᠯ ᠲᠠᠯᠠᠪᠤᠷ ᠪᠣᠯᠭᠠᠭᠰᠠᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠵᠡᠷᠭᠡ ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠠᠭᠤᠯᠠᠨ ᠣᠶ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠣᠷᠣᠨ ᠢ ᠪᠠᠶᠢᠭᠤᠯᠤᠨ᠎ᠠ︔ ᠬᠠᠳᠤᠨ ᠭᠤᠣᠯ ᠬᠢᠭᠡᠳ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠎ ᠢᠶᠠᠷ ᠭᠤᠣᠯ ᠲᠠᠯᠠᠪᠤᠷ ᠪᠣᠯᠭᠠᠭᠰᠠᠨ᠂ ᠬᠠᠳᠤᠨ ᠭᠤᠣᠯ ᠤᠨ ᠤᠷᠤᠰᠬᠠᠯ ᠳᠠᠭᠠᠤ ᠶᠢᠨ ᠲᠤᠯᠤᠭᠠᠨ ᠠᠶᠢᠮᠠᠭ ᠬᠤᠳᠠ ᠪᠠ ᠬᠥᠯᠥᠨ ᠪᠤᠶᠢᠷ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠤᠷᠢᠭ ᠢ ᠪᠠᠶᠢᠭᠤᠯᠤᠨ᠎ᠠ︔ ᠬᠥᠯᠥᠨ ᠪᠤᠶᠢᠷ ᠤᠨ ᠲᠠᠯ᠎ᠠ ᠪᠡᠯᠴᠢᠭᠡᠷ᠂ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠭᠤᠣᠯ ᠲᠠᠯᠠᠪᠤᠷ ᠪᠣᠯᠭᠠᠭᠰᠠᠨ᠂ ᠲᠤᠬᠠᠢ ᠶᠢᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠣᠷᠣᠨ ᠢ ᠪᠠᠶᠢᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢ ᠬᠠᠮᠤᠷᠤᠭᠰᠠᠨ ᠠᠮᠢ ᠠᠬᠤᠢ ᠶᠢᠨ ᠪᠠᠶᠢᠴᠠᠭᠠᠯᠲᠠ ᠶᠢᠨ ︽ᠶᠡᠭᠡ ᠬᠠᠮᠵᠢᠯᠴᠠᠭ᠎ᠠ︾᠎ ᠶᠢᠨ ᠬᠠᠮᠠᠭᠠᠯᠠᠯᠲᠠ ᠶᠢᠨ ᠵᠠᠭᠪᠤᠷ ᠢ ᠪᠤᠢ ᠪᠣᠯᠭᠠᠨ᠎ᠠ᠃    ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠭᠡᠬᠦ ᠭᠤᠷᠪᠠᠨ ᠶᠡᠭᠡ ᠬᠠᠮᠵᠢᠯᠴᠠᠭᠠᠨ ᠤ ᠣᠷᠣᠨ ᠳᠤ ᠲᠦᠰᠢᠭᠯᠡᠨ᠂ ᠬᠠᠮᠵᠢᠯᠴᠠᠬᠤ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠰᠦᠪᠡᠭᠴᠢ ᠶᠢ ᠪᠠᠶᠢᠴᠠᠭᠠᠨ ᠲᠣᠳᠣᠯᠠᠬᠤ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ᠂ ᠣᠷᠣᠨ ᠪᠦᠰᠡ ᠠᠯᠤᠰᠯᠠᠨ ᠬᠡᠷᠡᠭ ᠰᠢᠢᠳᠪᠦᠷᠢᠯᠡᠬᠦ ᠵᠡᠷᠭᠡ ᠠᠵᠢᠯ ᠤᠳ ᠢ ᠰᠠᠨᠠᠭᠠᠴᠢᠯᠠᠭ᠎ᠠ ᠠᠴᠠ ᠪᠠᠨ ᠥᠷᠨᠢᠭᠦᠯᠦᠨ᠎ᠡ᠃ ᠡᠭᠦᠨ ᠤ ᠬᠠᠮᠲᠤ᠂ ᠬᠠᠮᠵᠢᠯᠴᠠᠭᠠᠨ ᠤ ᠠᠵᠢᠯᠯᠠᠭ᠎ᠠ ᠶᠢᠨ ᠨᠡᠪᠲᠡᠷᠡᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ᠂ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢᠯᠡᠯᠲᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠵᠠᠷᠯᠠᠨ ᠮᠡᠳᠡᠭᠡᠯᠡᠬᠦ ᠶᠢ ᠴᠢᠩᠭᠠᠳᠬᠠᠨ᠎ᠠ᠃    ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠶᠢᠨ ᠬᠤᠪᠢᠶᠠᠷᠢ ᠲᠥᠰᠥᠯ ᠢ ᠲᠣᠰ ᠲᠣᠰ ᠲᠤ ᠨᠢ ᠨᠡᠶᠢᠲᠡᠯᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠭᠤᠣᠯᠳᠠᠯᠭ᠎ᠠ ᠲᠠᠢ ᠠᠰᠠᠭᠤᠳᠠᠯ ᠤᠳ ᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯᠯᠠᠬᠤ ᠠᠷᠭ᠎ᠠ ᠪᠠᠨ ᠨᠢᠭᠡᠳᠬᠡᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1