ᠮᠠᠨ ᠤ ᠣᠷᠣᠨ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2023/6/4
    ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ 5 ᠵᠢᠯ ᠤᠨ ᠬᠤᠭᠤᠴᠠᠭ᠎ᠠ ᠬᠡᠷᠡᠭᠰᠡᠵᠦ ᠪᠠᠶᠢᠭᠠᠳ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠭᠤᠣᠯ ᠪᠣᠯᠬᠤ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠭᠤᠭᠴᠤᠭ᠎ᠠ ᠶᠢᠨ ᠣᠶᠤᠨᠴᠢ ᠲᠣᠨᠣᠭᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠤᠢ᠃    ᠣᠶᠢᠯᠠᠭᠠᠭᠰᠠᠨ ᠢᠶᠠᠷ᠂ ᠲᠦᠷᠦᠭᠦᠬᠡᠨ ᠳᠤ ︽ᠭᠤᠣᠯ ᠪᠣᠯᠬᠤ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠣᠶᠤᠨᠴᠢᠯᠠᠭᠰᠠᠨ ᠠᠵᠢᠯᠯᠠᠭᠠᠨ ᠤ ᠲᠣᠨᠣᠭᠯᠠᠯ ᠢ ᠡᠭᠦᠳᠦᠨ ᠦᠢᠯᠡᠳᠬᠦ ᠪᠠ ᠬᠡᠷᠡᠭᠯᠡᠬᠦ︾ ᠲᠥᠷᠥᠯ ᠵᠦᠢᠯ ᠢ ᠡᠬᠢᠯᠡᠭᠦᠯᠬᠦ ᠬᠤᠷᠠᠯ ᠬᠥᠬᠡᠬᠤᠲᠠ ᠳᠤ ᠬᠤᠷᠠᠯᠳᠤᠪᠠ᠃ ᠲᠤᠰ ᠲᠦᠷᠦᠯ ᠵᠦᠢᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠦᠢᠯᠡᠳᠪᠦᠷᠢᠵᠢᠭᠰᠡᠨ ᠲᠠᠷᠢᠶᠠᠯᠠᠩ ᠤᠨ ᠵᠠᠩᠭᠢᠯᠠᠭ᠎ᠠ ᠶᠢᠨ ᠮᠡᠷᠭᠡᠵᠢᠯ ᠬᠢᠭᠡᠳ ᠣᠶᠤᠨᠴᠢ ᠲᠠᠷᠢᠶᠠᠯᠠᠩ ᠤᠨ ᠮᠠᠰᠢᠨ ᠲᠣᠨᠣᠭᠯᠠᠯ︾᠎ ᠤᠨ ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠪᠣᠯᠣᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠮᠧᠬᠠᠨᠢᠭᠵᠢᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠥᠬᠡᠬᠤᠲᠠ ᠳᠠᠬᠢ ᠬᠤᠪᠢᠶᠠᠷᠢ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠦᠷᠦᠭᠦᠯᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠢᠷᠢᠨ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠤᠷᠳᠤ ᠬᠤᠭᠤᠴᠠᠭ᠎ᠠ ᠪᠠᠷ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠪᠣᠯᠣᠨ ᠲᠣᠨᠣᠭᠯᠠᠯ ᠢ ᠰᠤᠳᠤᠯᠤᠨ ᠨᠡᠭᠡᠭᠡᠬᠦ ᠠᠵᠢᠯ ᠢ ᠬᠢᠵᠦ ᠪᠠᠶᠢᠭ᠎ᠠ ᠳᠠᠪᠠᠭᠤᠯᠢᠭ 9 ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠣᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠠᠢ ᠬᠤᠯᠪᠣᠭᠠᠯᠠᠵᠤ᠂ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ ᠪᠠᠶᠢᠭᠠᠳ ᠬᠠᠮᠲᠤ ᠪᠠᠷ ᠬᠡᠷᠡᠭᠵᠢᠭᠦᠯᠦᠨ᠎ᠡ᠃    ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 5000 ᠲᠦᠮᠡᠨ ᠲᠥᠭᠦᠷᠢᠭ᠂ ᠬᠡᠷᠡᠭᠵᠢᠭᠦᠯᠬᠦ ᠬᠤᠭᠤᠴᠠᠭ᠎ᠠ ᠨᠢ 5 ᠵᠢᠯ ᠪᠠᠶᠢᠵᠦ᠂ 5 ᠰᠡᠳᠦᠪ ᠪᠠᠭᠲᠠᠭᠠᠨ᠎ᠠ᠃ ᠮᠠᠨ ᠤ ᠤᠯᠤᠰ ᠤᠨ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ᠂ ᠮᠡᠷᠭᠡᠵᠢᠯ ᠲᠣᠨᠣᠭᠯᠠᠯ ᠤᠨ ᠲᠤᠯᠭᠠᠭᠤᠷᠢᠯᠠᠬᠤ ᠬᠦᠴᠦᠨ ᠴᠢᠩᠭ᠎ᠠ ᠪᠤᠰᠤ᠂ ᠵᠠᠩᠭᠢᠯᠠᠭ᠎ᠠ ᠶᠢᠨ ᠮᠡᠷᠭᠡᠵᠢᠯ ᠪᠠ ᠲᠣᠨᠣᠭᠯᠠᠯ ᠤᠨ ᠭᠠᠳᠠᠭᠠᠳᠤ ᠳᠤ ᠲᠦᠰᠢᠭᠯᠡᠬᠦ ᠬᠡᠮᠵᠢᠶ᠎ᠡ ᠥᠨᠳᠥᠷ ᠵᠡᠷᠭᠡ ᠠᠰᠠᠭᠤᠳᠠᠯ ᠳᠤ ᠴᠢᠭᠯᠡᠭᠦᠯᠦᠨ᠂ ᠳᠠᠷᠢᠬᠤ᠂ ᠬᠤᠷᠢᠶᠠᠬᠤ᠂ ᠬᠠᠳᠠᠭᠠᠯᠠᠵᠤ ᠵᠥᠭᠡᠭᠡᠪᠦᠷᠢᠯᠡᠬᠦ ᠵᠡᠷᠭᠡ ᠭᠤᠣᠯ ᠪᠣᠯᠬᠤ ᠦᠢᠯᠡᠳᠪᠦᠷᠢᠯᠡᠯ ᠤᠨ ᠭᠤᠭᠴᠤᠭ᠎ᠠ ᠶᠢᠨ ᠲᠣᠭᠤᠷᠢᠨ ᠳᠤ᠂ ᠬᠥᠷᠥᠰᠥ ᠰᠢᠷᠣᠢ — ᠮᠠᠰᠢᠨ ᠮᠧᠬᠠᠨᠢᠭ — ᠤᠷᠭᠤᠮᠠᠯ ᠤᠨ ᠬᠠᠷᠢᠯᠴᠠᠨ ᠦᠢᠯᠡᠴᠢᠯᠡᠬᠦ᠂ ᠶᠠᠰᠤ ᠴᠢᠨᠠᠷ ᠢ ᠪᠠᠲᠤᠯᠠᠨ ᠰᠦᠢᠳᠦᠯ ᠢ ᠪᠠᠭᠠᠰᠬᠠᠬᠤ᠂ ᠪᠦᠬᠦ ᠶᠠᠪᠤᠴᠠ ᠳᠤ ᠣᠶᠤᠨᠴᠢ ᠪᠠᠷ ᠲᠣᠬᠢᠷᠠᠭᠤᠯᠤᠨ ᠡᠵᠡᠮᠳᠡᠬᠦ ᠵᠡᠷᠭᠡ ᠲᠠᠯ᠎ᠠ ᠠᠴᠠ ᠭᠠᠷᠳᠠᠵᠤ᠂ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠦᠷ᠎ᠡ ᠶᠢ ᠥᠨᠳᠥᠷ ᠪᠦᠲᠦᠮᠵᠢᠲᠡᠢ ᠪᠠᠷ ᠲᠡᠭᠦᠵᠦ ᠬᠤᠷᠢᠶᠠᠬᠤ ᠪᠠ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ᠂ ᠳᠣᠣᠷ᠎ᠠ ᠨᠥᠯᠥᠭᠡᠯᠡᠯ ᠰᠦᠢᠳᠤᠯ ᠲᠠᠢ ᠪᠠᠷ ᠳᠠᠷᠢᠵᠤ ᠤᠷᠭᠤᠭᠤᠯᠬᠤ᠂ ᠰᠢᠮ᠎ᠡ ᠲᠡᠵᠢᠭᠡᠯ ᠢ ᠬᠠᠮᠠᠭᠠᠯᠠᠨ ᠬᠤᠷᠢᠶᠠᠵᠤ ᠠᠪᠬᠤ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠠᠬᠤᠢ ᠲᠠᠯᠠᠪᠤᠷ ᠤᠨ ᠲᠣᠨᠣᠭᠯᠠᠯ ᠤᠨ ᠠᠵᠢᠯᠯᠠᠬᠤ ᠪᠣᠯᠵᠣᠯᠲᠤ ᠲᠤᠭ᠎ᠠ ᠬᠢᠭᠡᠳ ᠠᠵᠢᠯᠯᠠᠬᠤ ᠶᠠᠰᠤ ᠴᠢᠨᠠᠷ ᠤᠨ ᠪᠥᠬᠦ ᠶᠠᠪᠤᠴᠠ ᠶᠢ ᠣᠶᠤᠨᠴᠢ ᠪᠠᠷ ᠬᠢᠨᠠᠨ ᠡᠵᠡᠮᠳᠡᠵᠦ᠂ ᠳᠠᠪᠠᠭᠤᠯᠢᠭ ᠡᠪᠡᠰᠦᠨ ᠦᠷ᠎ᠡ ᠶᠢ ᠥᠨᠳᠥᠷ ᠪᠦᠲᠦᠮᠵᠢᠲᠡᠢ᠂ ᠰᠦᠢᠳᠤᠯ ᠳᠣᠣᠷ᠎ᠠ ᠥᠨᠳᠥᠷ ᠴᠡᠪᠡᠷᠴᠡ ᠲᠠᠢ ᠪᠠᠷ ᠲᠡᠭᠦᠵᠦ ᠬᠤᠷᠢᠶᠠᠬᠤ ᠪᠠ ᠰᠥᠷᠬᠦ ᠨᠥᠯᠥᠭᠡᠯᠡᠯ ᠤᠨ ᠡᠰᠡᠷᠭᠦᠴᠠᠯ ᠡᠭᠦᠰᠬᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠭᠤᠣᠯᠳᠠᠯᠭ᠎ᠠ ᠲᠠᠢ ᠰᠢᠪᠲᠤᠯᠤᠯᠲᠠ ᠭᠠᠷᠭᠠᠬᠤ ᠪᠣᠯᠣᠨ᠎ᠠ᠃    ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠨᠢ ᠤᠳᠤ ᠦᠶ᠎ᠡ ᠶᠢᠨ ᠲᠠᠷᠢᠶᠠᠯᠠᠩ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ ᠴᠡᠭ ᠮᠥᠨ᠃ ᠮᠠᠨ ᠤ ᠤᠯᠤᠰ ᠤᠨ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠭᠤᠣᠯᠯᠠᠬᠤ ᠮᠡᠷᠭᠡᠵᠢᠯ ᠪᠠ ᠪᠡᠶ᠎ᠡ ᠪᠠᠨ ᠳᠠᠭᠠᠭᠠᠭᠰᠠᠨ ᠲᠣᠨᠣᠭᠯᠠᠯ ᠢ ᠡᠭᠦᠳᠴᠦ᠂ ᠤᠳᠤ ᠦᠶ᠎ᠡ ᠶᠢᠨ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1