ᠶᠤᠸᠠᠨ ᠪᠦᠦ ᠱᠠᠨ ᠲᠣᠭᠤᠷᠢᠭ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠤᠨᠠᠯᠲᠠ ᠨᠡᠮᠡᠭᠳᠡᠭᠦᠯᠬᠦ ︽ᠲᠥᠬᠦᠭᠡᠷᠦᠮᠵᠢᠲᠦ ᠲᠠᠷᠪᠤᠰ︾᠎ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠬᠢᠵᠡᠢ
ᠨᠡᠶᠢᠲᠡᠯᠡᠭᠰᠡᠨ ᠴᠠᠭ᠄
2023/6/4
    6 ᠰᠠᠷ᠎ᠠ ᠶᠢᠨ 2᠎ ᠤᠨ ᠡᠳᠦᠷ ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠹᠧᠩ ᠱᠦᠢ ᠭᠧᠦ ᠪᠠᠯᠭᠠᠰᠤᠨ ᠤ ᠰᠢᠩ ᠯᠦᠩ ᠫᠦᠸᠧ ᠲᠣᠰᠬᠤᠨ ᠤ ᠲᠥᠬᠦᠭᠡᠷᠦᠮᠵᠢᠲᠦ ᠲᠠᠷᠪᠤᠰ ᠲᠠᠷᠢᠬᠤ ᠵᠢᠱᠢᠶ᠎ᠡ ᠦᠵᠡᠭᠦᠯᠬᠦ ᠬᠦᠷᠢᠶᠡᠯᠡᠩ ᠳᠤ 2023 ᠣᠨ ᠤ ᠶᠤᠸᠠᠨ ᠪᠦᠦ ᠱᠠᠨ ᠲᠣᠭᠤᠷᠢᠭ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠤᠨᠠᠯᠲᠠ ᠨᠡᠮᠡᠭᠳᠡᠭᠦᠯᠬᠦ ︽ ᠲᠥᠬᠦᠭᠡᠷᠦᠮᠵᠢᠲᠦ ᠲᠠᠷᠪᠤᠰ ︾ ᠎ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠬᠢᠵᠦ ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠯ᠎ᠡ ᠰᠢᠶᠠᠩ ᠪᠠᠯᠭᠠᠰᠤᠨ ᠤ ᠲᠠᠷᠢᠮᠠᠯ ᠤᠨ ᠡᠷᠦᠬᠡ ᠶᠢ ᠤᠷᠢᠵᠤ ᠲᠣᠭᠤᠷᠢᠨ ᠦᠵᠡᠭᠦᠯᠵᠦ ᠰᠤᠷᠤᠯᠴᠠᠭᠤᠯᠪᠠ ᠃    ᠵᠢᠱᠢᠶ᠎ᠡ ᠦᠵᠡᠭᠦᠯᠬᠦ ᠬᠦᠷᠢᠶᠡᠯᠡᠩ ᠨᠢ ᠲᠥᠬᠦᠭᠡᠷᠦᠮᠵᠢ ᠶᠢᠨ ᠬᠦᠢᠲᠡᠨ ᠰᠠᠷᠠᠪᠴᠢᠨ ᠳᠤ ᠳᠠᠷᠢᠬᠤ ᠠᠷᠭ᠎ᠠ ᠮᠠᠶ᠋ᠢᠭ ᠢᠶᠠᠷ ᠳᠡᠮᠵᠢᠨ᠂ ᠲᠠᠷᠪᠤᠰ ᠢ ᠵᠠᠯᠭᠠᠬᠤ ᠮᠡᠷᠭᠡᠵᠢᠯ ᠢᠶᠠᠷ ᠳᠠᠷᠢᠵᠤ᠂ ᠵᠢᠯ ᠪᠦᠷᠢ ᠬᠤᠶᠠᠷ ᠤᠳᠠᠭ᠎ᠠ ᠲᠠᠷᠪᠤᠰ ᠰᠠᠭᠤᠯᠭᠠᠵᠤ ᠂ ᠡᠬᠡ ᠭᠠᠵᠠᠷ ᠤᠨ ᠲᠠᠷᠪᠤᠰ ᠢ ︽ᠳᠠᠪᠬᠤᠷ ᠳᠠᠷᠢᠬᠤ︾ ᠎ ᠠᠴᠠ ᠪᠣᠯᠵᠤ ᠬᠡᠪᠴᠢᠶ᠎ᠡ ᠪᠠᠷ ᠪᠠᠭ᠎ᠠ᠂ ᠤᠨᠠᠯᠲᠠ ᠳᠣᠣᠷ᠎ᠠ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠢᠷ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠭᠤᠸᠠ ᠳᠠᠷᠢᠬᠤ ᠲᠠᠷᠢᠶᠠᠴᠢᠳ ᠤᠨ ᠲᠠᠷᠢᠮᠠᠯ ᠤᠨ ᠣᠷᠣᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠡᠨᠡ ᠵᠢᠯ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠪᠠᠰᠠ ᠰᠢᠩ ᠯᠦᠩ ᠫᠥᠸᠧ ᠲᠣᠰᠬᠤᠨ ᠳᠤ  ᠨᠢᠭᠡᠨ 200 ᠮᠦ ᠲᠠᠯᠠᠪᠠᠶ ᠲᠠᠢ ᠲᠠᠷᠪᠤᠰ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠤᠨᠠᠯᠲᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠡᠭᠦᠨ ᠳᠤ ᠮᠡᠷᠭᠡᠵᠢᠯ ᠤᠨ ᠬᠦᠴᠢᠷ ᠲᠥᠪᠡᠭ ᠢ ᠰᠢᠢᠳᠪᠦᠷᠢᠯᠡᠬᠦ ᠣᠷᠣᠨ ᠢ 27 ᠮᠦ᠂ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠶᠢᠨ ᠣᠷᠣᠨ ᠢ 15 ᠮᠦ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠣᠷᠣᠨ ᠢ 158 ᠮᠦ ᠪᠠᠶᠢᠭᠤᠯᠵᠤ ᠪᠠᠶᠢᠨ᠎ᠠ ᠃ ᠲᠣᠰ ᠲᠣᠪᠴᠢᠶ᠎ᠠ ︽ ᠲᠠᠪᠤ ᠶᠢ ᠨᠢᠭᠡᠳᠬᠡᠵᠦ ᠂ ᠳᠥᠷᠪᠡ ᠶᠢ ᠬᠢᠵᠠᠭᠠᠷᠯᠠᠵᠤ ᠂ ᠭᠤᠷᠪᠠ ᠶᠢ ᠳᠡᠭᠡᠭᠰᠢᠯᠡᠭᠦᠯᠵᠦ ᠂ ᠬᠤᠶᠠᠷ ᠢ ᠨᠡᠮᠡᠭᠳᠡᠭᠦᠯᠬᠦ︾ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠵᠢᠱᠢᠶ᠎ᠡ ᠦᠵᠡᠭᠦᠯᠬᠦ ᠣᠷᠣᠨ ᠳᠤ ︽ᠲᠠᠷᠪᠤᠰ ᠤᠨ ᠤᠨᠠᠯᠲᠠ ᠶᠢ ᠴᠢᠨᠠᠷ ᠰᠠᠶᠢᠲᠠᠢ ᠨᠡᠮᠡᠭᠳᠡᠭᠦᠯᠵᠦ ᠂ ᠡᠷᠲᠡ ᠪᠣᠯᠪᠠᠰᠤᠷᠠᠬᠤ ᠶᠢ ᠠᠬᠢᠭᠤᠯᠬᠤ︾ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠠᠷᠢᠬᠤ ᠮᠡᠷᠭᠡᠵᠢᠯ ᠢ ᠳᠡᠯᠭᠡᠷᠡᠭᠦᠯᠵᠦ᠂ ᠲᠠᠷᠪᠤᠰ ᠤᠨ ᠨᠢᠭᠡᠴᠢ ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠦᠨ᠂ ᠠᠮᠲᠠ ᠶᠢ ᠨᠡᠮᠡᠭᠳᠡᠭᠦᠯᠬᠦ ᠶᠢᠨ ᠬᠠᠮᠲᠤ ᠪᠣᠷᠳᠤᠭᠤᠷ  ᠪᠣᠯᠤᠨ ᠡᠮ ᠢ ᠪᠠᠭᠠᠰᠬᠠᠨ᠂ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠳᠤ ᠭᠦᠷᠦᠭᠰᠡᠨ ᠪᠠᠶᠢᠨ᠎ᠠ᠃    ᠲᠤᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠢᠵᠢ ᠪᠦᠷᠢᠳᠦᠭᠰᠡᠨ ᠮᠡᠷᠭᠡᠵᠢᠯ ᠤᠨ ᠬᠤᠷᠠᠮᠠᠯ ᠦᠵᠡᠭᠦᠯᠦᠯᠭᠡ ᠪᠣᠯᠣᠨ᠎ᠠ ᠂ ᠰᠤᠷᠤᠯᠴᠠᠨ ᠥᠵᠡᠵᠦ ᠣᠶᠢᠯᠠᠭᠠᠬᠤ ᠂ ᠰᠠᠨᠠᠯ   ᠪᠤᠳᠤᠯ ᠢᠶᠠᠨ ᠰᠣᠯᠢᠯᠴᠠᠬᠤ ᠪᠠᠷ ᠵᠣᠷᠢᠯᠭ᠎ᠠ ᠪᠣᠯᠭᠠᠵᠤ ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠶᠢ ᠲᠥᠷᠭᠡᠳᠬᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠲᠠᠷᠢᠮᠠᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠨᠠᠯᠲᠠ ᠨᠡᠮᠡᠭᠳᠡᠭᠦᠯᠬᠦ ᠎ ᠶᠢ ᠭᠥᠨᠵᠡᠭᠡᠢ ᠠᠬᠢᠭᠤᠯᠤᠭᠰᠠᠨ ᠵᠢᠱᠢᠶ᠎ᠡ ᠦᠵᠡᠭᠦᠯᠬᠦ ᠠᠵᠢᠯᠯᠠᠭ᠎ᠠ ᠪᠣᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1