4.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠷ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2023/6/5
    ᠡᠨᠡ ᠵᠢᠯ ᠠᠴᠠ ᠨᠠᠭᠠᠰᠢ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠯᠠᠨ ᠠᠷᠭ᠎ᠠ ᠵᠠᠮ ᠢᠶᠠᠷ 4.8 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠳᠡᠭᠡᠷ᠎ᠡ ᠵᠢᠯ ᠤᠨ  ᠬᠢ ᠠᠴᠠ 1.98 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 41.2%᠎ ᠢᠶᠠᠷ ᠨᠡᠮᠡᠭᠳᠡᠪᠡ᠃    ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢ ᠡᠬᠡ ᠤᠯᠤᠰ ᠤᠨ ᠤᠮᠠᠷᠠᠲᠤ ᠬᠢᠵᠠᠭᠠᠷ ᠤᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠡᠭᠦᠷᠭᠡ ᠮᠥᠨ᠃ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠨᠡ ᠵᠢᠯ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ 3.8 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠵᠤ᠂ 2023 ᠣᠨ ᠤ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶᠠᠷᠴᠤ ᠪᠠᠶᠢᠭ᠎ᠠ 2.19 ᠳ᠋ᠦᠩᠰᠢᠭᠤᠷ ᠲᠥᠭᠦᠷᠢᠭ ᠤᠨ ᠵᠣᠯᠭᠠᠭᠤᠯᠬᠤ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠨ᠂ ᠤᠯᠤᠰ ᠤᠨ ᠲᠠᠰ ᠤᠨ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠳᠤ ᠬᠤᠯᠪᠣᠭᠳᠠᠬᠤ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ 60 ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠤᠭ᠎ᠠ ᠪᠠᠷ ᠪᠠᠲᠤᠯᠠᠪᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠡᠯᠡ ᠮᠥᠩᠭᠦ ᠶᠢ 1.61 ᠳ᠋ᠦᠩᠰᠢᠭᠤᠷ ᠲᠥᠭᠦᠷᠢᠭ ᠲᠤᠰᠬᠠᠶᠢᠯᠠᠨ ᠲᠣᠬᠢᠷᠠᠭᠤᠯᠵᠤ᠂ ᠵᠣᠯᠭᠠᠭᠤᠯᠬᠤ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠤᠨ᠂ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠳᠠᠬᠢ ᠤᠯᠤᠰ ᠤᠨ ᠲᠠᠰ ᠤᠨ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠠᠴᠠ ᠭᠠᠳᠠᠨᠠᠬᠢ ᠪᠤᠰᠤᠳ ᠬᠤᠰᠢᠭᠤ ᠰᠢᠶᠠᠨ ᠤ ᠨᠥᠬᠦᠴᠡᠯ ᠳᠤ ᠨᠡᠶᠢᠴᠡᠭᠰᠡᠨ ᠬᠥᠮᠥᠷᠭᠡ ᠳᠤ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠪᠡᠯᠡ ᠮᠥᠩᠭᠦ ᠬᠢᠭᠡᠳ ᠲᠥᠷᠥᠯ ᠵᠦᠢᠯ ᠤᠨ ᠵᠣᠬᠢᠴᠠᠯᠳᠤᠯ ᠢ ᠦᠨᠡᠨ ᠬᠦ ᠪᠠᠲᠤᠯᠠᠬᠤ ᠶᠢᠨ ᠲᠤᠰᠠᠳᠠ᠂ ᠤᠰᠤᠨ ᠠᠰᠢᠭᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠬᠤᠯᠪᠣᠭᠠᠯᠠᠨ ︽2023 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠮᠡᠳᠡᠭᠳᠡᠯ︾ ᠪᠠᠭᠤᠯᠭᠠᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠪᠠ᠃    ᠣᠶᠢᠯᠠᠭᠠᠭᠰᠠᠨ ᠢᠶᠠᠷ᠂ ᠬᠢᠯᠢ ᠬᠢᠵᠠᠭᠠᠷ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠬᠦ ᠶᠢᠨ ᠲᠤᠰᠠᠳᠠ᠂ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠳᠣᠲᠣᠷ᠎ᠠ ᠠᠴᠠ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠢᠯᠢ ᠬᠢᠵᠠᠭᠠᠷ ᠤᠨ 20 ᠬᠤᠰᠢᠭᠤ᠂ ᠬᠤᠲᠠ ᠶᠢᠨ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠪᠠᠶᠢᠨ᠎ᠠ᠃ 2022 ᠣᠨ ᠳᠤ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠢᠯᠢ ᠬᠢᠵᠠᠭᠠᠷ ᠤᠨ 12 ᠬᠤᠰᠢᠭᠤ᠂ ᠬᠤᠲᠠ ᠶᠢᠨ 87 ᠭᠠᠴᠠᠭ᠎ᠠ ᠳᠤ 413 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠲᠠᠵᠤ᠂ 1565 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠤᠨ᠂ 2258 ᠢᠵᠢ ᠤᠰᠤ ᠲᠠᠲᠠᠵᠤ ᠡᠷᠦᠬᠡ ᠳᠤ ᠣᠷᠣᠭᠤᠯᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ 2023 ᠣᠨ ᠳᠤ᠂ ᠮᠠᠨ ᠤ ᠣᠷᠣᠨ ᠦᠷᠭᠦᠯᠵᠢᠯᠡᠨ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠬᠢᠯᠢ ᠬᠢᠵᠠᠭᠠᠷ ᠤᠨ ᠬᠤᠰᠢᠭᠤ᠂ ᠬᠤᠲᠠ ᠶᠢᠨ ᠲᠠᠷᠠᠬᠠᠢ ᠪᠤᠲᠠᠷᠬᠠᠢ ᠬᠡᠯᠪᠡᠷᠢ ᠶᠢᠨ ᠤᠰᠤᠨ ᠰᠤᠷᠪᠤᠯᠵᠢ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠢᠯᠢ ᠬᠢᠵᠠᠭᠠᠷ ᠤᠨ ᠭᠠᠴᠠᠭᠠᠨ ᠤ ᠮᠠᠯᠴᠢᠳ ᠤᠨ ᠤᠯᠠᠷᠢᠯ ᠤᠨ ᠴᠢᠨᠠᠷᠲᠠᠢ ᠤᠰᠤ ᠳᠤᠲᠠᠭᠳᠠᠬᠤ᠂ ᠤᠰᠤ ᠤᠤᠭᠤᠬᠤ ᠳᠤ ᠳᠥᠭᠦᠮ ᠦᠭᠡᠢ ᠵᠡᠷᠭᠡ ᠠᠮᠢᠳᠤᠷᠠᠯ ᠤᠨ ᠤᠰᠤ ᠬᠡᠷᠡᠭᠯᠡᠬᠦ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1