ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/5
    6 ᠰᠠᠷ᠎ᠠ ᠶᠢᠨ 2᠎ ᠤᠨ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠵᠢᠶᠣᠣ ᠴᠢᠩ ᠳ᠋ᠦᠩ᠂ ᠯᠢ ᠽᠥᠩ ᠮᠧᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ᠮᠠᠨ ᠤ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠤᠯᠠᠭᠠᠨᠬᠠᠳᠠ ᠶᠢᠨ ᠪᠣᠥ ᠱᠠᠨ ᠡᠮᠨᠡᠯᠭᠡ ᠶᠢᠨ ᠬᠤᠷᠢᠶ᠎ᠠ ᠂ ᠤᠯᠠᠭᠠᠨᠬᠠᠳᠠ ᠶᠢᠨ ᠪᠣᠥ ᠱᠠᠨ ᠬᠢᠲᠠᠳ ᠡᠮᠨᠡᠯᠭᠡ ᠶᠢᠨ ᠬᠤᠷᠢᠶ᠎ᠠ ᠂ ᠦ᠋ ᠵᠢᠶᠠ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠭᠠᠯ ᠤᠨᠲᠠᠷᠠᠭᠠᠬᠤ ᠲᠥᠬᠦᠭᠡᠷᠦᠮᠵᠢ ᠶᠢ ᠨᠡᠮᠡᠭᠳᠡᠭᠦᠯᠬᠦ ᠬᠤᠯᠪᠣᠭᠳᠠᠯ ᠪᠦᠬᠦᠢ ᠤᠴᠢᠷ ᠶᠠᠪᠤᠳᠠᠯ ᠂ ᠬᠡᠰᠡᠭ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠭ᠎ᠠ ᠶᠢᠨ ᠰᠢᠰᠲ᠋ᠧᠮ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠵᠡᠷᠭᠡ ᠠᠵᠢᠯ ᠢ ᠦᠨᠡᠨᠬᠦ‍ ᠨᠢᠭᠡ ᠨᠢᠭᠡ ᠭᠤᠭᠴᠤᠭ᠎ᠠ ᠪᠠᠷ ᠪᠣᠳᠠᠲᠠᠢ ᠠᠳᠬᠤᠬᠤ ᠬᠡᠷᠡᠭᠲᠡᠢ ᠃ ᠠᠵᠤ ᠦᠢᠯᠡᠰ ᠤᠨ ᠬᠦᠷᠢᠶᠡᠯᠡᠩ ᠤᠨ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ ᠂ ᠠᠵᠤ ᠦᠢᠯᠡᠰ ᠤᠨ ᠬᠦᠷᠢᠶᠡᠯᠡᠩ ᠤᠨ ᠲᠠᠲᠠᠬᠤ ᠬᠦᠴᠦᠨ ᠪᠠ ᠳᠠᠭᠠᠭᠠᠴᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠥᠷᠨᠢᠭᠦᠯᠵᠦ ᠂ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠠᠵᠤ ᠠᠬᠤᠶᠢᠯᠠᠯ ᠤᠨ ᠲᠥᠷᠥᠯ ᠵᠥᠢᠯ ᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠴᠢᠩᠭ᠎ᠠ ᠠᠩᠬᠠᠷᠴᠤ ᠂ ᠭᠡᠷ᠎ᠡ ᠲᠣᠭᠲᠠᠨ ᠭᠡᠷ᠎ᠡ ᠶᠢ ᠭᠦᠢᠴᠡᠳᠬᠡᠬᠦ ᠠᠴᠠ ᠠᠵᠢᠯ ᠡᠬᠢᠯᠡᠭᠦᠯᠦᠨ ᠠᠵᠢᠯ ᠳᠠᠭᠤᠰᠬᠠᠬᠤ ᠬᠦᠷᠲᠡᠯᠡᠬᠢ ᠪᠦᠬᠦ ᠬᠡᠯᠬᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠵᠤ ᠂ ᠲᠥᠷᠥᠯ ᠵᠥᠢᠯ ᠢ ᠨᠠᠶᠢᠳᠠᠪᠤᠷᠢᠵᠢᠭᠤᠯᠬᠤ ᠨᠤᠷᠮ᠎ᠠ ᠂ ᠠᠵᠢᠯ ᠡᠬᠢᠯᠡᠭᠦᠯᠬᠦ ᠨᠤᠷᠮ᠎ᠠ ᠪᠣᠯᠣᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠦ ᠴᠢᠳᠠᠪᠤᠷᠢ ᠣᠯᠭᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠡᠮᠨᠡᠯᠭᠡ ᠶᠢᠨ ᠬᠤᠷᠢᠶᠠᠨ ᠤ ᠬᠥᠮᠥᠨ ᠬᠠᠷ᠎ᠠ ᠠᠷᠪᠢᠨ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠨ ᠣᠯᠠᠨ ᠪᠠᠶᠢᠳᠠᠭ ᠪᠣᠯᠬᠤᠷ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ︽ᠰᠡᠷᠭᠡᠶᠢᠯᠡᠯᠲᠡ ᠶᠢᠨ ᠬᠡᠷᠡᠮ︾᠎ ᠢ ᠦᠨᠡᠨ ᠬᠦ ᠪᠠᠲᠤ ᠪᠠᠬᠢ ᠪᠠᠶᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠤᠬᠠᠮᠰᠠᠷ ᠢᠶᠠᠨ ᠳᠡᠭᠡᠭᠰᠢᠯᠡᠭᠦᠯᠦᠨ ᠂ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠎ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠨᠢᠭᠲᠠᠷᠠᠭᠤᠯᠵᠤ ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠢᠭᠠᠨ ᠰᠤᠷᠭᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠲᠣᠬᠢᠷᠠᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1