ᠵᠠᠩ ᡁᠢ ᠸᠧᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/6
    6 ᠰᠠᠷ᠎ᠠ ᠶᠢᠨ 5᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠤᠷᠢᠳ ᠬᠤᠵᠢᠳ ᠶᠤᠸᠠᠨ ᠵᠢᠩ ᠳᠠᠩ ᠨᠡᠭᠦᠷᠡᠰᠦᠲᠥ᠋ᠷᠥᠭᠴᠢ ᠶᠢᠨ ᠮᠡᠷᠭᠡᠵᠢᠯ ︵ᠤᠯᠠᠭᠠᠨᠬᠠᠳᠠ︶᠎ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠵᠢᠦ ᠯᠢᠶᠠᠨ ᠨᠡᠭᠦᠷᠡᠰᠦ ᠬᠢᠮᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠎ ᠨᠢ ᠳᠡᠭᠡᠭᠰᠢᠯᠡᠭᠦᠯᠪᠡ᠃
1_副本.jpg
       ᠵᠠᠩ ᡁᠢ ᠸᠧᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ ᠂ ᠡᠯᠧᠮᠧᠨ᠋ᠲ ᠤᠨ ᠪᠠᠲᠤᠯᠠᠭ᠎ᠠ ᠶᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠪᠣᠭᠤᠮᠢ ᠬᠢᠵᠠᠭᠠᠷᠯᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠡᠩ ᠰᠠᠶᠢᠲᠤᠷ ᠳᠡᠮᠵᠢᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠲᠠᠪᠤᠨ ᠶᠡᠭᠡ ᠳᠠᠪᠠᠭᠤᠯᠢᠭ ᠠᠵᠤ ᠦᠢᠯᠡᠰ ᠤᠨ ᠭᠤᠣᠯᠳᠠᠯᠭ᠎ᠠ ᠲᠠᠢ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠢ ᠣᠨᠣᠪᠴᠢᠲᠠᠢ ᠵᠢᠷᠤᠵᠤ ᠂ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠲᠦᠷᠭᠡᠨ ᠪᠡᠶᠡᠯᠡᠭᠦᠯᠵᠦ ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠪᠤᠵᠠᠭᠠᠶᠢᠷᠠᠵᠤ ᠰᠢᠯᠢᠳᠡᠭᠵᠢᠵᠦ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ ᠃ ᠠᠵᠤ ᠠᠬᠤᠶᠢᠯᠠᠯ ᠤᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ ᠂ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠂ ᠭᠤᠣᠯ ᠠᠵᠢᠯ ᠢᠶᠠᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠲᠡᠷᠢᠭᠦᠨ ᠲᠣᠬᠢᠶᠠᠯ ᠢ ᠣᠯᠵᠤ ᠂ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ ᠃ ᠡᠭᠦᠨ ᠤ ᠬᠠᠮᠲᠤ ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠳᠡᠵᠦ ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠠᠲᠤᠲᠠᠢ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠡᠯ᠎ᠡ ᠪᠠᠷᠢᠯᠭ᠎ᠠ ᠶᠢᠨ ᠨᠢᠭᠡᠴᠢ ᠨᠦᠭᠦᠳ ᠣᠳᠣᠬᠠᠨ ᠤ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ ᠃    ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1