ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/6/6
    2023 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠤᠳᠠᠯ ᠦᠭᠡᠢ ᠬᠥᠷᠴᠦ ᠢᠷᠡᠬᠦ ᠲᠠᠰᠢᠷᠠᠮ ᠳᠤ ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠣᠯᠡᠨ ᠬᠥᠮᠦᠨ ᠤ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ 6 ᠰᠠᠷ᠎ᠠ ᠶᠢᠨ 2᠎ ᠤᠨ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠭᠠᠭᠤᠯᠢ ᠶᠢᠨ ᠬᠤᠭᠤᠯᠠᠨ ᠭᠡᠷ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠪᠠᠷ ᠭᠤᠣᠯᠳᠠᠯᠭ᠎ᠠ ᠪᠣᠯᠭᠠᠨ᠂ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠢᠩᠭ᠎ᠠ ᠪᠠᠶᠢᠴᠠᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠥᠷᠭᠡᠨ ᠤᠯᠠᠨ ᠪᠠᠭᠰᠢ ᠰᠤᠷᠤᠭᠴᠢᠳ ᠤᠨ  ᠢᠳᠡᠭᠡᠨ ᠤ ᠠᠮᠤᠷ ᠲᠥᠪᠰᠢᠨ ᠢ ᠪᠠᠲᠤᠯᠠᠪᠠ᠃
1_副本.jpg
       ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠨᠡᠭᠦᠷᠡᠰᠦᠨ ᠤ ᠦᠢᠯᠡᠰ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠯᠠᠨ ᠭᠡᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠ ᠪᠣᠯᠪᠠᠰᠤᠷᠠᠭᠤᠯᠬᠤ ᠲᠠᠯᠠᠪᠤᠷ ᠤᠨ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠢ ᠬᠠᠳᠠᠭᠠᠯᠠᠬᠤ ᠨᠥᠬᠦᠴᠡᠯ ᠵᠡᠷᠭᠡ ᠲᠠᠯ᠎ᠠ ᠳᠤ ᠵᠦᠢᠯ ᠳᠠᠷᠠᠭᠠᠯᠠᠨ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠡᠩᠨᠡᠭᠦᠯᠥᠨ ᠪᠠᠶᠢᠴᠠᠭᠠᠪᠠ᠃ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠰᠤᠷᠭᠠᠭᠤᠯᠢ ᠶᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ︽ᠡᠳᠦᠷ ᠢᠶᠠᠷ ᠬᠠᠮᠢᠶᠠᠷᠤᠨ ᠡᠵᠡᠮᠳᠡᠬᠦ ᠂ ᠭᠠᠷᠠᠭ ᠢᠶᠠᠷ ᠡᠩᠨᠡᠭᠦᠯᠥᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠷᠡᠯᠲᠡ ᠨᠢ ᠲᠣᠳᠣᠷᠬᠠᠢ ᠪᠤᠰᠤ ᠪᠠ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠠᠭᠰᠠᠨ ᠢᠳᠡᠭᠡᠨ ᠤ ᠮᠠᠲ᠋ᠧᠷᠢᠶᠠᠯ ᠢ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠣᠷᠣᠭᠤᠯᠬᠤ ᠶᠢ ᠴᠢᠩᠭ᠎ᠠ ᠰᠡᠷᠭᠡᠶᠢᠯᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠢᠳᠡᠭᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ ᠃
2_副本.jpg
       ᠲᠣᠰ ᠲᠣᠪᠴᠢᠶ᠎ᠠ ᠪᠠᠰᠠ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠡᠵᠡᠩᠨᠡᠯᠲᠡ ᠶᠢᠨ ᠲᠠᠯᠠᠪᠤᠷ ᠲᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠵᠦ᠂ ᠢᠯᠡ ᠭᠡᠷᠡᠴᠢ ᠪᠠᠷ ᠡᠵᠡᠩᠨᠡᠬᠦ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠡᠯ᠎ᠡ ᠡᠵᠡᠩᠨᠡᠭᠴᠢᠳ ᠤᠨ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠰᠢᠪᠠᠳᠠᠨ ᠱᠠᠭᠠᠷᠳᠠᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠢ ᠵᠥᠷᠢᠴᠡᠭᠰᠡᠨ ᠶᠠᠮᠠᠷᠪᠠ ᠦᠶᠯᠡ ᠠᠵᠢᠯᠯᠠᠭ᠎ᠠ ᠎ ᠶᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰᠬᠠᠢ ᠬᠥᠮᠥᠨ ᠲᠣᠮᠢᠯᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ ᠴᠡᠭ ᠤᠨ ᠬᠤᠭᠤᠯᠠᠨ ᠭᠡᠷ ᠲᠤ ᠰᠠᠭᠤᠯᠭᠠᠵᠤ ᠪᠥᠬᠦ ᠶᠠᠪᠤᠴᠠ ᠳᠤ ᠭᠤᠣᠯᠳᠠᠯᠭ᠎ᠠ ᠲᠠᠢ ᠬᠢᠨᠠᠯᠲᠠ ᠲᠠᠯᠪᠢᠬᠤ ᠶᠢᠨ ᠬᠠᠮᠲᠤ ᠢᠳᠡᠭᠡᠨ ᠤ ᠵᠦᠢᠯ ᠤᠨ ᠲᠦᠷᠭᠡᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠠᠰᠢᠭᠯᠠᠨ ᠬᠤᠭᠤᠯᠠᠨ ᠭᠡᠷ ᠤᠨ ᠢᠳᠡᠭᠡᠨ ᠤ ᠵᠦᠢᠯ ᠤᠨ ᠲᠦᠭᠦᠬᠡᠢ ᠮᠠᠲ᠋ᠧᠷᠢᠶᠠᠯ ᠳᠤ ᠲᠤᠬᠠᠢ ᠶᠢᠨ ᠲᠠᠯᠠᠪᠤᠷ ᠤᠨ ᠲᠦᠷᠭᠡᠨ ᠪᠠᠶᠢᠴᠠᠭᠠᠯᠲᠠ ᠥᠷᠨᠢᠭᠦᠯᠥᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠡᠭᠡᠳᠦ ᠰᠤᠷᠭᠠᠭᠤᠯᠢ ᠎ ᠳᠤ ᠰᠤᠷᠤᠭᠴᠢ ᠡᠯᠰᠡᠬᠦ ᠰᠢᠯᠭᠠᠯᠲᠠ ᠶᠢᠨ ᠢᠳᠡᠭᠡᠨ ᠤ ᠠᠮᠤᠷ ᠲᠥᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1