ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠶᠢᠨ ᠴᠡᠭ ᠤᠨ ᠡᠷᠡᠭᠦᠯ ᠬᠠᠮᠠᠭᠠᠯᠠᠯ ᠤᠨ ᠲᠤᠰᠬᠠᠢ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/6
    2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠡᠩᠭᠡᠷᠭᠡ ᠶᠢᠨ ᠲᠠᠭᠤᠨ ᠨᠢᠭᠡᠨᠲᠡ ᠳᠠᠭᠤᠷᠢᠰᠬᠤ ᠳᠤ ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠬᠤ ᠨᠢᠭᠡ ᠭᠡᠰᠢᠭᠦᠨ ᠪᠣᠯᠤᠭᠰᠠᠨ ᠤ ᠬᠤᠪᠢ ᠳᠤ᠂ 6 ᠰᠠᠷ᠎ᠠ ᠶᠢᠨ 2᠎ ᠤᠨ ᠡᠳᠦᠷ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ  ᠠᠵᠢᠯᠲᠠᠳ ᠶᠤᠸᠠᠨ ᠪᠦᠦ ᠱᠠᠨ ᠲᠣᠭᠤᠷᠢᠭ ᠤᠨ ᠫᠢᠩ ᠮᠧᠶ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠶᠠᠷ ᠰᠢᠯᠭᠠᠯᠲᠠ ᠶᠢᠨ ᠴᠡᠭ ᠲᠤ ᠲᠤᠰᠬᠠᠢ ᠵᠦᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠬᠢᠵᠦ᠂ ᠰᠢᠯᠭᠠᠭᠤᠯᠤᠭᠴᠢ ᠳᠤ ᠡᠷᠡᠭᠦᠯ ᠮᠡᠨᠳᠦ᠂ ᠠᠮᠤᠷ ᠲᠦᠪᠰᠢᠨ ᠂ ᠠᠷᠢᠭᠤᠨ ᠴᠡᠪᠡᠷ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃
1_副本.jpg
          ᠲᠣᠰ ᠤᠳᠠᠭᠠᠨ ᠤ ᠡᠷᠡᠭᠦᠯ ᠬᠠᠮᠠᠭᠠᠯᠠᠯ ᠤᠨ ᠲᠤᠰᠬᠠᠢ ᠬᠢᠨᠠᠯᠲᠠ ᠪᠠᠶᠢᠴᠠᠭᠠᠯᠲᠠ ᠳᠤ᠂ ᠰᠤᠷᠭᠠᠭᠤᠯᠢ ᠶᠢᠨ ᠳᠣᠲᠣᠷᠠᠬᠢ ᠣᠷᠴᠢᠨ ᠠᠬᠤᠢ ᠶᠢᠨ ᠡᠷᠡᠭᠦᠯ ᠬᠠᠮᠠᠭᠠᠯᠠᠯ ᠠᠷᠢᠭᠤᠨ ᠴᠡᠪᠡᠷ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠰᠤᠷᠭᠠᠭᠤᠯᠢ ᠶᠢᠨ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠥᠷᠨᠢᠭᠦᠯᠪᠡ ᠃ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠠᠵᠢᠯᠲᠠᠳ ᠲᠤᠬᠠᠢ ᠶᠢᠨ ᠲᠠᠯᠠᠪᠤᠷ ᠲᠤ ᠨᠢᠭᠡᠳ ᠨᠢᠭᠡ ᠪᠠᠷ ᠨᠠᠷᠢᠨ ᠬᠢᠨᠠᠮᠠᠭᠠᠢ ᠪᠠᠶᠢᠴᠠᠭᠠᠵᠤ᠂ ᠡᠯ᠎ᠡ ᠵᠦᠢᠯ ᠤᠨ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠣᠷᠣᠰᠢᠵᠤ ᠮᠡᠳᠡᠬᠦ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠭᠡᠮ ᠰᠤᠭᠤᠭ ᠢ ᠢᠳᠡᠪᠬᠢᠲᠡᠢ ᠪᠠᠷ ᠡᠩᠨᠡᠭᠦᠯᠥᠨ ᠪᠠᠶᠢᠴᠠᠭᠠᠵᠤ᠂ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠪᠠ᠃ ᠡᠭᠦᠨ ᠤ ᠬᠠᠮᠲᠤ ᠂ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠎ ᠢ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠰᠢᠯᠭᠠᠭᠤᠯᠤᠭᠴᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠰᠢᠯᠭᠠᠯᠲᠠ ᠶᠢᠨ ᠲᠠᠯᠠᠪᠤᠷ ᠲᠠᠬᠢ ᠡᠷᠡᠭᠦᠯ ᠬᠠᠮᠠᠭᠠᠯᠠᠯ ᠤᠨ ᠠᠷᠢᠭᠤᠳᠬᠠᠯ᠂ ᠰᠠᠯᠬᠢ ᠨᠡᠪᠲᠡᠷᠡᠭᠦᠯᠬᠦ ᠵᠡᠷᠭᠡ ᠡᠯ᠎ᠡ ᠵᠦᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠠᠮᠤᠷ ᠲᠦᠪᠰᠢᠨ  ᠳᠡᠭᠡᠳᠦ ᠰᠢᠯᠭᠠᠯᠲᠠ᠂ ᠡᠷᠡᠭᠦᠯ ᠮᠡᠨᠳᠦ  ᠳᠡᠭᠡᠳᠦ ᠡᠯᠰᠡᠬᠦ ᠰᠢᠯᠭᠠᠯᠲᠠ︾᠎ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
2_副本.jpg
       ᠲᠠᠷᠠᠭᠠᠴᠢ ᠶᠢᠨ ᠠᠯᠬᠤᠮ ᠳᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ  ᠠᠵᠢᠯᠲᠠᠳ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ  ᠲᠣᠭᠲᠠᠮᠠᠯ ᠪᠣᠰᠤ ᠬᠤᠭᠤᠴᠠᠭ᠎ᠠ ᠪᠠᠷ ᠲᠣᠭᠤᠷᠢᠨ ᠪᠠᠶᠢᠴᠠᠭᠠᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠠᠵᠢᠯ ᠤᠨ ᠣᠪᠣᠷ ᠪᠠ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠭᠦᠯ ᠬᠠᠮᠠᠭᠠᠯᠠᠯ ᠤᠨ ᠬᠢᠨᠠᠯᠲᠠ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1