ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠬᠠᠮᠤᠭ ᠤᠨ ᠰᠢᠨ᠎ᠡ ᠮᠡᠳᠡᠭᠡ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠤᠨ ᠬᠤᠭᠤᠴᠠᠭᠠᠨ ᠳᠤ᠂ ᠪᠥᠬᠦ ᠣᠷᠣᠨ ᠤ 2399 | ᠢᠵᠢ ᠲᠠᠸᠠᠷ ᠤᠨ ᠭᠡᠷ ᠪᠠᠶᠢᠰᠢᠩ ᠠᠷᠠᠯᠵᠢᠶ᠎ᠠ ᠲᠣᠬᠢᠷᠠᠵᠤ᠂ ᠠᠷᠠᠯᠵᠢᠶᠠᠯᠠᠭᠰᠠᠨ ᠲᠠᠯᠠᠪᠠᠶ ᠨᠢ 37 ᠲᠦᠮᠡᠨ ᠺᠦᠸᠠᠳ᠋ | ᠮᠧᠳ᠋ᠷ᠂ ᠨᠡᠶᠢᠲᠡ ᠵᠣᠭᠤᠰ ᠤᠨ ᠲᠤᠭ᠎ᠠ ᠨᠢ 22.6 ᠳ᠋ᠦᠩᠰᠢᠭᠤᠷ ᠲᠥᠭᠦᠷᠢᠭ ᠲᠤ ᠬᠦᠷᠴᠦ᠂ 15000 ᠢᠵᠢ | ᠲᠠᠸᠠᠷ ᠤᠨ ᠭᠡᠷ ᠪᠠᠶᠢᠰᠢᠩ ᠢ ᠳᠠᠩᠰᠠᠯᠠᠭᠤᠯᠤᠭᠰᠠᠨ ᠪᠥᠭᠡᠳ ᠶᠠᠭᠠᠷᠠᠮᠠᠭ ᠲᠤ ᠣᠷᠣᠯᠴᠠᠭᠰᠠᠨ ᠪᠥᠬᠦ ᠣᠷᠣᠨ ᠤ | ᠬᠥᠮᠥᠨ ᠤ ᠲᠤᠭ᠎ᠠ 85 ᠲᠦᠮᠡᠨ ᠬᠥᠮᠥᠨ ᠤᠳᠠᠭ᠎ᠠ ᠶᠢ ᠳᠠᠪᠠᠵᠠᠢ᠃ | ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠴᠢᠨᠠᠭᠰᠢᠳᠠ ᠤᠯᠠᠮ ᠬᠥᠪᠴᠢᠯᠡᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠥᠭᠵᠢᠬᠦ ᠶᠢ ᠠᠬᠢᠭᠤᠯᠤᠨ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠬᠦᠭᠵᠢᠯᠲᠡ ᠶᠢ ᠠᠬᠢᠭᠤᠯᠵᠤ᠂ ᠠᠰᠠᠷ ᠲᠤᠰᠢᠶᠠᠬᠤ ᠶᠢ | ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ | ᠲᠤᠰᠠᠳᠠ᠂ 4 ᠳ᠋ᠦ᠋ᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠢ ᠥᠪᠥᠷ ᠮᠣᠩᠭᠤᠯ ᠤᠨ 12 ᠠᠶᠢᠮᠠᠭ ᠬᠤᠲᠠ ᠳᠤ | ᠵᠡᠷᠭᠡ ᠪᠠᠷ ᠡᠬᠢᠯᠡᠭᠦᠯᠵᠦ᠂ 5 ᠡᠳᠦᠷ ᠲᠥᠪᠯᠡᠷᠡᠭᠦᠯᠦᠨ ᠶᠠᠪᠤᠭᠳᠠᠭᠤᠯᠤᠨ᠎ᠠ᠃ ᠡᠭᠦᠨ ᠳᠤ᠂ ᠤᠯᠠᠭᠠᠨᠴᠠᠪ ᠬᠤᠲᠠ 5 | ᠳ᠋ᠤᠭᠠᠷ ᠰᠠᠷ᠎ᠠ ᠶᠢᠨ 7 ᠤ ᠡᠳᠦᠷ ᠬᠦᠷᠲᠡᠯ᠎ᠡ ᠤᠷᠲᠤᠳᠬᠠᠨ ᠶᠠᠪᠤᠭᠳᠠᠭᠤᠯᠵᠤ᠂ ᠪᠤᠭᠤᠲᠤ ᠬᠤᠲᠠ 5 ᠳ᠋ᠤᠭᠠᠷ | ᠰᠠᠷ᠎ᠠ ᠶᠢᠨ 28 ᠤ ᠡᠳᠦᠷ ᠬᠦᠷᠲᠡᠯ᠎ᠡ᠂ ᠬᠥᠯᠥᠨ ᠪᠤᠶᠢᠷ ᠬᠤᠲᠠ 5 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ | ᠤᠷᠲᠤᠳᠬᠠᠨ ᠶᠠᠪᠤᠭᠳᠠᠭᠤᠯᠤᠨ᠎ᠠ᠃ | ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠶᠠᠭᠠᠷᠠᠮᠠᠭ ᠨᠢ ᠭᠡᠷ ᠪᠠᠶᠢᠰᠢᠩ ᠭᠠᠵᠠᠷ ᠬᠥᠷᠥᠩᠭᠡ ᠵᠢᠴᠢ ᠬᠠᠮᠢᠶ᠎ᠠ | ᠪᠦᠬᠦᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠳᠡᠯᠭᠡᠨ ᠪᠣᠷᠣᠯᠠᠭᠤᠯᠭ᠎ᠠ ᠬᠢᠵᠦ᠂ ᠣᠷᠣᠨ ᠰᠠᠭᠤᠴᠠ ᠶᠢᠨ | ᠵᠠᠶᠢᠯᠠᠰᠢ ᠦᠭᠡᠢ ᠴᠢᠨᠠᠷ ᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷ ᠲᠠᠢ ᠬᠡᠷᠡᠭᠴᠡᠭᠡ ᠶᠢ ᠳᠡᠮᠵᠢᠬᠦ ᠪᠠᠷ ᠡᠭᠦᠰᠦᠯᠲᠡ | ᠪᠣᠯᠭᠠᠨ᠂ ᠠᠷᠠᠳ ᠣᠯᠠᠨ ᠢ ᠨᠠᠩ ᠰᠠᠶᠢᠨ ᠭᠡᠷ ᠪᠠᠶᠢᠰᠢᠩ ᠳᠤ ᠰᠠᠭᠤᠯᠭᠠᠬᠤ ᠪᠠᠷ ᠬᠠᠷᠠᠯᠲᠠ ᠪᠣᠯᠭᠠᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠡᠯᠡ ᠣᠷᠤᠭᠤᠯᠤᠯᠲᠠ ᠶᠢ ᠥᠷᠭᠡᠳᠬᠡᠬᠦ᠂ ᠪᠦᠲᠦᠴᠡ ᠶᠢ | ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ᠂ ᠳᠠᠮ ᠤᠨ ᠭᠡᠷ ᠪᠠᠶᠢᠰᠢᠩ ᠤᠨ ᠠᠷᠠᠯᠵᠢᠶ᠎ᠠ᠂ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡ᠂ ᠭᠡᠷ ᠳᠣᠲᠣᠷᠠᠬᠢ ᠵᠠᠰᠠᠯ ᠴᠢᠮᠡᠭᠯᠡᠯ᠂ ᠠᠳᠠᠯ ᠠᠬᠤᠢ ᠶᠢᠨ ᠬᠠᠮᠢᠶᠠᠷᠤᠯᠲᠠ᠂ ᠪᠣᠬᠢᠷᠲᠤᠯ ᠦᠭᠡᠢ | ᠪᠠᠷᠢᠯᠭ᠎ᠠ ᠬᠢᠭᠡᠳ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ | ᠴᠢᠳᠠᠮᠵᠢ ᠣᠯᠭᠤᠭᠰᠠᠨ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠭᠰᠠᠨ᠂ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠦᠭᠰᠡᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠪᠡ᠃ | ᠶᠠᠭᠠᠷᠠᠮᠠᠭ ᠤᠨ ᠬᠤᠭᠤᠴᠠᠭᠠᠨ ᠳᠤ᠂ ᠡᠯ᠎ᠡ ᠠᠶᠢᠮᠠᠭ ᠬᠤᠳᠠ ᠬᠡᠷᠡᠭᠯᠡᠭᠡ ᠶᠢ ᠪᠦᠬᠦ ᠬᠦᠴᠦᠨ ᠢᠶᠠᠷ ᠢᠶᠠᠨ | ᠳᠠᠶᠢᠴᠢᠯᠠᠭᠰᠠᠨ ᠪᠠᠶᠢᠨ᠎ᠠ᠃ ᠪᠤᠭᠤᠲᠤ ᠬᠤᠲᠠ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭᠲᠦ | ᠲᠠᠷᠬᠠᠭᠠᠬᠤ᠂ 100% ᠶᠢᠨ ᠭᠡᠷᠡᠲᠦ ᠭᠠᠶᠢᠯᠢ ᠶᠢᠨ ᠨᠥᠬᠦᠪᠦᠷᠢ ᠥᠭᠬᠦ ᠵᠡᠷᠭᠡ ᠬᠠᠮᠢᠶ᠎ᠠ ᠪᠦᠬᠦᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ ᠰᠦᠯᠵᠢᠶᠡᠨ ᠠᠴᠠ ᠭᠠᠳᠠᠭᠤᠷᠬᠢ + ᠰᠦᠯᠵᠢᠶᠡᠨ | ᠳᠡᠭᠡᠷᠡᠬᠢ ᠬᠤᠶᠠᠷ ᠵᠦᠢᠯ ᠤᠨ ᠠᠷᠭ᠎ᠠ ᠶᠢ ᠬᠡᠷᠡᠭᠵᠢᠭᠦᠯᠦᠭᠰᠡᠨ ᠠᠴᠠ ᠬᠤᠲᠠ ᠶᠢᠨ ᠠᠷᠠᠳ ᠰᠦᠯᠵᠢᠶᠡᠨ ᠳᠡᠭᠡᠷ᠎ᠡ ᠠᠴᠠ | ᠭᠡᠷ ᠪᠠᠶᠢᠰᠢᠩ ᠦᠵᠡᠬᠦ ᠪᠠ ᠰᠣᠩᠭᠤᠵᠤ ᠪᠣᠯᠣᠨ᠎ᠠ︔ ᠬᠥᠬᠡᠬᠤᠲᠠ ︽ᠨᠢᠭᠡ ᠯᠡ ᠥᠷᠲᠡᠭᠡᠴᠢᠯᠡᠭᠰᠡᠨ ᠮᠠᠶ᠋ᠢᠭ︾ ᠢᠶᠠᠷ | ᠭᠡᠷ ᠪᠠᠶᠢᠰᠢᠩ ᠬᠤᠳᠠᠯᠳᠤᠨ ᠠᠪᠬᠤ ᠦᠢᠯᠡᠴᠢᠯᠡᠭᠡ ᠬᠠᠩᠭᠠᠵᠤ᠂ ᠭᠤᠣᠯ ᠬᠤᠷᠠᠯ ᠤᠨ ᠲᠠᠯᠠᠪᠤᠷ ᠲᠤ ᠲᠥᠷᠥ ᠶᠢᠨ | ᠪᠣᠳᠣᠯᠭ᠎ᠠ ᠶᠢᠨ ᠯᠠᠪᠯᠠᠭ᠎ᠠ ᠥᠭᠬᠦ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠲᠣᠬᠢᠷᠠᠭᠤᠯᠵᠤ | ᠂ ᠭᠡᠷ ᠪᠠᠶᠢᠰᠢᠩ ᠤᠨ ᠨᠠᠷᠠᠲᠤ ᠠᠵᠤ ᠠᠬᠤᠶᠢᠯᠠᠯ ᠤᠳ ᠢ ᠴᠤᠭᠯᠠᠭᠤᠯᠤᠭᠰᠠᠨ ᠮᠥᠷᠲᠡᠭᠡᠨ ᠭᠡᠷ ᠪᠠᠶᠢᠰᠢᠩ ᠤᠨ ᠡᠯ᠎ᠡ | ᠲᠣᠮᠣ ᠠᠵᠤ ᠠᠬᠤᠶᠢᠯᠠᠯ ᠴᠥᠮ ᠠᠳᠠᠯᠢ ᠪᠤᠰᠤ ᠬᠡᠮᠵᠢᠶᠡᠨ ᠤ ᠬᠠᠷᠠᠭᠠᠯᠵᠠᠯ ᠦᠵᠡᠭᠦᠯᠵᠦ᠂ ᠬᠤᠲᠠ ᠶᠢᠨ ᠠᠷᠠᠳ ᠤᠨ | ᠭᠡᠷ ᠪᠠᠶᠢᠰᠢᠩ ᠦᠵᠡᠬᠦ᠂ ᠰᠣᠩᠭᠤᠬᠤ ᠪᠠ ᠬᠤᠳᠠᠯᠳᠤᠨ ᠠᠪᠬᠤ ᠳᠤ ᠨᠢ ᠲᠥᠬᠦᠮ ᠦᠵᠡᠭᠦᠯᠦᠭᠰᠡᠨ ᠪᠠ ᠪᠠᠲᠤᠯᠠᠭ᠎ᠠ | ᠬᠠᠩᠭᠠᠭᠰᠠᠨ ᠪᠠᠶᠢᠨ᠎ᠠ᠃ | ᠲᠣᠰ ᠤᠳᠠᠭᠠᠨ ᠤ ᠶᠠᠭᠠᠷᠠᠮᠠᠭ ᠨᠢ ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠬᠥᠪᠴᠢᠯᠡᠨ᠂ ᠪᠥᠬᠦ | ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠦᠭᠵᠢᠬᠦ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠭᠠᠷᠭᠠᠵᠠᠢ᠃ | |