ᠵᠠᠩ ᡁᠢ ᠸᠧᠢ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠶᠢᠨ ᠴᠡᠭ ᠤᠨ ᠪᠡᠯᠡᠳᠬᠡᠯ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/6/7
    6 ᠳ᠋ᠤᠭᠠᠷ ᠰᠠᠷ᠎ᠠ ᠶᠢᠨ 6᠎ ᠤ ᠡᠳᠦᠷ᠂ ᠲᠣᠭᠤᠷᠢᠭ ᠤᠨ ᠤᠳᠤᠷᠢᠳᠤᠯᠭ᠎ᠠ ᠵᠠᠩ ᡁᠢ ᠸᠧᠢ᠂ ᠬᠠᠨ ᠶᠠᠨ ᠵᠢᠶᠦ᠋ᠨ᠂ ᠯᠢᠦ ᠱᠤᠸᠠᠩ᠂ ᠵᠢᠶᠠ ᠱᠤ᠋ ᠱᠦᠨ᠂ ᠶᠢᠨ ᠮᠢᠩ᠂ ᠶᠢᠨ ᠲᠧᠩ ᠵᠢᠶᠣᠣ᠂ ᠯᠢᠦ ᠹᠧᠩ ᠬᠤᠸᠠ ᠮᠠᠨ ᠤ ᠲᠣᠭᠤᠷᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ  ᠪᠣᠯᠤᠨ ᠫᠢᠩ ᠮᠸᠢ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠦᠬᠦᠷ ᠪᠠᠷ᠎ᠠ ᠪᠣᠯᠵᠤ ᠪᠠᠶᠢᠴᠠᠭᠠᠪᠠ᠃
1_副本.jpg
       ᠲᠣᠭᠤᠷᠢᠭ ᠤᠨ ᠤᠳᠤᠷᠢᠳᠤᠯᠭ᠎ᠠ ᠡᠯ᠎ᠡ ᠰᠢᠯᠭᠠᠯᠲᠠ ᠶᠢᠨ ᠴᠡᠭ ᠤᠨ ᠰᠢᠯᠭᠠᠭᠤᠯᠤᠭᠴᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠵᠠᠮ ᠢᠶᠠᠷ ᠥᠩᠭᠡᠷᠡᠵᠦ᠂ ᠰᠢᠯᠭᠠᠯᠲᠠ ᠶᠢᠨ ᠲᠠᠯᠠᠪᠤᠷ᠂ ᠭᠤᠣᠯ ᠰᠢᠯᠭᠠᠯᠲᠠ ᠶᠢᠨ ᠲᠠᠰᠤᠭ ᠵᠡᠷᠭᠡ ᠭᠠᠵᠠᠷ ᠢᠶᠠᠷ ᠬᠦᠷᠴᠦ᠂ ᠠᠮᠤᠷ ᠲᠦᠪᠰᠢᠨ ᠤ ᠪᠠᠶᠢᠴᠠᠭᠠᠯᠲᠠ᠂ ᠰᠢᠯᠭᠠᠭᠤᠯᠤᠭᠴᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠳᠦᠷᠰᠥ ᠰᠢᠩᠭᠡᠭᠡᠯᠲᠡ ᠪᠠᠷ ᠬᠢᠨᠠᠨ ᠡᠵᠡᠮᠳᠡᠬᠦ ᠵᠡᠷᠭᠡ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠵᠡᠷᠭᠡ ᠠᠵᠢᠯ ᠤᠨ ᠪᠡᠯᠡᠳᠬᠡᠯ ᠤᠨ ᠪᠠᠶᠢᠳᠠᠯ ᠢ ᠣᠶᠢᠯᠠᠭᠠᠪᠠ᠃    ᠵᠠᠩ ᡁᠢ ᠸᠧᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠡᠮᠦᠨ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠪᠥᠬᠦ ᠠᠵᠢᠯᠲᠠᠳ ᠎ ᠲᠤ ᠴᠢᠩ ᠰᠡᠳᠬᠢᠯ ᠤᠨ ᠮᠡᠨᠳᠦᠴᠢᠯᠡᠯ ᠪᠠ ᠲᠠᠯᠠᠷᠬᠠᠯ ᠢᠶᠠᠨ ᠳᠡᠪᠰᠢᠭᠦᠯᠪᠡ᠃ ᠲᠡᠷᠡ ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠲᠦᠭ ᠲᠦᠮᠡᠨ ᠠᠶᠢᠯ ᠡᠷᠦᠬᠡ ᠪᠣᠯᠣᠨ ᠥᠷᠭᠡᠨ ᠣᠯᠠᠨ ᠰᠣᠷᠣᠭᠴᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠭᠤᠭᠴᠤᠭ᠎ᠠ ᠨᠢᠭᠡᠪᠦᠷᠢ ᠶᠢ ᠴᠢᠩᠭ᠎ᠠ ᠠᠩᠬᠠᠷᠴᠤ᠂ ᠨᠠᠷᠢᠨ ᠵᠦᠢᠯᠡᠰ ᠨᠢᠭᠡᠪᠦᠷᠢ ᠶᠢ ᠴᠢᠬᠤᠯᠠᠴᠢᠯᠠᠨ᠂ ᠢᠳᠡᠵᠦ ᠤᠤᠭᠤᠬᠤ ᠬᠤᠨᠣᠵᠤ ᠬᠡᠪᠲᠡᠬᠦ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭᠠᠯᠠᠯ᠂ ᠲᠠᠭᠤ ᠱᠤᠤᠭᠢᠶᠠᠨ ᠢ ᠵᠠᠰᠠᠬᠤ᠂ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠭᠤᠯᠤᠭᠴᠢ ᠳᠤ ᠲᠠᠭᠠᠯᠠᠮᠵᠢᠲᠠᠢ ᠪᠥᠭᠡᠳ ᠠᠮᠤᠷ ᠲᠦᠪᠰᠢᠨ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ ᠃ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ ᠂ ᠰᠢᠯᠭᠠᠯᠲᠠ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠃ ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠯᠭᠠᠭᠤᠯᠤᠭᠴᠢ ᠶᠢᠨ ᠰᠡᠳᠬᠢᠴᠡ ᠶᠢᠨ ᠵᠢᠯᠣᠭᠤᠳᠤᠯᠭ᠎ᠠ ᠪᠠ ᠬᠥᠮᠥᠨ ᠰᠣᠶᠤᠯ ᠤᠨ ᠬᠠᠯᠠᠮᠵᠢᠯᠠᠯ ᠢ ᠴᠢᠩᠭᠠᠳᠬᠠᠵᠤ᠂ ᠥᠷᠭᠡᠨ ᠣᠯᠠᠨ ᠰᠢᠯᠭᠠᠭᠤᠯᠤᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠭᠢᠷᠠᠭ᠂ ᠢᠳᠡᠪᠬᠢᠲᠡᠢ ᠰᠡᠳᠬᠢᠴᠡ ᠶᠢᠨ ᠪᠠᠶᠢᠳᠠᠯ ᠢᠶᠠᠷ᠂ ᠲᠠᠶᠢᠪᠤᠭᠤᠨ ᠯᠠᠪᠳᠠᠭᠤᠨ ᠣᠷᠤᠯᠴᠠᠭᠤᠯᠵᠤ ᠂ ᠬᠠᠮᠤᠭ ᠤᠨ ᠰᠠᠶᠢᠨ ᠬᠢᠷᠢ ᠲᠦᠪᠰᠢᠨ ᠎ ᠢᠶᠠᠷ ᠰᠢᠯᠭᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1