ᠶᠤᠸᠠᠨ ᠪᠤᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | | ᠶᠤᠸᠠᠨ ᠪᠣᠥ ᠱᠠᠨ ᠵᠠᠰᠠᠭ ᠠᠯᠪᠠᠨ ᠲᠠᠷᠬᠠᠭᠠᠭᠰᠠᠨ ﹇2023﹈ 1 ᠨᠣᠮᠧᠷᠲᠤ | | ︽ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠶᠡᠭᠡ ᠬᠡᠪᠴᠢᠶ᠎ᠡ ᠪᠠᠷ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠤᠨ ᠲᠣᠪᠴᠢᠶ᠎ᠠ ᠳᠤ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠶᠤᠸᠠᠨ ᠪᠦᠦ ᠱᠠᠨ | ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ | ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃ | | ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ | | 1ᠶᠡᠷᠦᠩᠬᠡᠢ ᠳᠦᠷᠢᠮ | 11 ᠨᠠᠶᠢᠷᠠᠭᠤᠯᠤᠨ ᠵᠣᠬᠢᠶᠠᠬᠤ ᠵᠣᠷᠢᠯᠭ᠎ᠠ | ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ | ᠰᠢᠨᠵᠢᠯᠡᠬᠦ ᠤᠬᠠᠭᠠᠨᠴᠢ ᠂ ᠪᠦᠲᠦᠮᠵᠢᠲᠡᠶ ᠂ ᠲᠦᠷᠭᠡᠨ ᠰᠢᠢᠳᠪᠦᠷᠢᠯᠡᠵᠦ ᠂ ᠥᠷᠭᠡᠨ ᠲᠠᠯᠠᠪᠠᠢ ᠪᠠᠷ ᠴᠠᠬᠢᠯᠭᠠᠨ | ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃ | 12 ᠨᠠᠶᠢᠷᠠᠭᠤᠯᠤᠨ ᠵᠣᠬᠢᠶᠠᠬᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠂ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ︾ ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ ︾ ᠂ ︽ᠴᠠᠬᠢᠯᠭᠠᠨ | ᠲᠣᠣᠷ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 115 ᠳ᠋ᠤᠭᠠᠷ ᠵᠠᠷᠯᠢᠭ︶᠂ ︽ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ︵ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 493 ᠳ᠋ᠤᠭᠠᠷ ᠲᠣᠭᠠᠲᠤ︶᠂ ︽ | ᠴᠠᠬᠢᠯᠭᠠᠨ ᠬᠦᠴᠦᠨ ᠤ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ | ᠰᠢᠢᠳᠪᠦᠷᠢᠯᠡᠬᠦ ᠳᠦᠷᠢᠮ ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 599 ᠳ᠋ᠦᠭᠡᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠴᠠᠬᠢᠯᠭᠠᠨ ᠬᠦᠴᠦᠨ ᠢ ᠬᠠᠩᠭᠠᠬᠤ ᠪᠠ ᠬᠡᠷᠡᠭᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 666 ᠳ᠋ᠤᠭᠠᠷ ᠲᠣᠭᠠᠲᠤ︶᠂ ︽ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ ︾ ︵ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 708 ᠳ᠋ᠤᠭᠠᠷ ᠲᠣᠭᠠᠲᠤ︶᠂ ︽ᠤᠯᠤᠰ ᠤᠨ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ | ᠲᠥᠷᠥ ᠠᠯᠪᠠᠨ ᠲᠠᠷᠬᠠᠭᠠᠭᠰᠠᠨ 〔2005〕 11 ᠳ᠋ᠦᠭᠡᠷ ᠲᠣᠭᠠᠲᠤ︶᠂ ︽ᠤᠯᠤᠰ ᠤᠨ ᠥᠷᠭᠡᠨ | ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠲᠥᠷᠥ | ᠠᠯᠪᠠᠨ ᠵᠠᠬᠢᠳᠠᠯ ﹇2015﹈ 134 ᠳ᠋ᠦᠭᠡᠷ ᠲᠣᠭᠠᠲᠤ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ︵ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ︶᠂ | ︽ᠥᠷᠭᠡᠨ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠭᠦᠸᠧ ᠨᠧᠩ ᠶᠡᠷᠦᠩᠬᠡᠢ ᠠᠮᠤᠷ | ᠲᠦᠪᠰᠢᠨ ﹇2016﹈ 490 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ | ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠬᠡᠷᠡᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2014﹈ 113 ᠳ᠋ᠤᠭᠠᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠷᠭᠡᠨ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ︵2020 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ | 13 ᠬᠡᠷᠡᠭᠯᠡᠬᠦ ᠬᠡᠪᠴᠢᠶ᠎ᠡ | ᠲᠤᠰ ᠪᠡᠯᠡᠳᠬᠡᠯ ᠲᠥᠰᠥᠯ ᠢ ᠶᠤᠸᠠᠨ ᠪᠦᠦ ᠱᠠᠨ ᠲᠤᠭᠤᠷᠢᠭ ᠳᠤ ᠭᠠᠷᠤᠭᠰᠠᠨ ᠶᠡᠭᠡ ᠲᠠᠯᠠᠪᠠᠢ ᠪᠠᠷ ᠴᠠᠬᠢᠯᠭᠠᠨ | ᠵᠣᠭᠰᠣᠭᠰᠠᠨ ᠬᠡᠷᠡᠭ ᠢ ᠠᠷᠭᠠᠴᠠᠬᠤ ᠪᠠ ᠰᠢᠢᠳᠪᠦᠷᠢᠯᠡᠬᠦ ᠠᠵᠢᠯ ᠳᠤ ᠬᠡᠷᠡᠭᠯᠡᠨ᠎ᠡ ᠃ | ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ | ᠭᠡᠳᠡᠭ ᠨᠢ ᠪᠠᠶᠢᠭᠠᠯᠢ ᠶᠢᠨ ᠭᠠᠮᠰᠢᠭ ᠂ ᠴᠠᠬᠢᠯᠭᠠᠨ ᠬᠦᠴᠦᠨ ᠠᠶᠤᠯ ᠦᠭᠡᠢ ᠶᠢᠨ ᠡ᠊ᠨᠳᠡᠯ ᠪᠣᠯᠣᠨ ᠭᠠᠳᠠᠭᠠᠳᠤ | ᠬᠦᠴᠦᠨ ᠤ ᠡᠪᠳᠡᠯᠡᠭᠡ ᠵᠡᠷᠭᠡ ᠰᠢᠯᠲᠠᠭᠠᠨ ᠠᠴᠠ ᠪᠣᠯᠣᠭᠠᠳ ᠣᠷᠣᠨ ᠪᠦᠰᠡ ᠶᠢᠨ ᠴᠢᠨᠠᠷᠲᠠᠢ ᠴᠠᠬᠢᠯᠭᠠᠨ ᠲᠣᠣᠷ᠂ | ᠬᠤᠰᠢᠭᠤ ᠰᠢᠶᠠᠨ ᠲᠣᠭᠤᠷᠢᠭ ᠤᠨ ᠳᠡᠰ ᠶᠢᠨ ᠴᠠᠬᠢᠯᠭᠠᠨ ᠲᠣᠣᠷ ᠪᠤᠶᠤ ᠬᠤᠲᠠ ᠪᠠᠯᠭᠠᠰᠤ ᠶᠢᠨ ᠴᠠᠬᠢᠯᠭᠠᠨ ᠲᠣᠣᠷ | ᠤᠨ ᠬᠠᠩᠭᠠᠯᠭ᠎ᠠ ᠶᠢᠨ ᠳᠠᠭᠠᠭᠠᠴᠠ ᠶᠢ ᠶᠡᠭᠡ ᠬᠡᠮᠵᠢᠶ᠎ᠡ ᠪᠠᠷ ᠪᠠᠭᠠᠰᠬᠠᠵᠤ ᠂ ᠤᠯᠠᠨ ᠨᠡᠶᠢᠲᠡ ᠶᠢᠨ ᠠᠮᠤᠷ ᠲᠦᠪᠰᠢᠨ ᠂ | ᠨᠡᠶᠢᠭᠡᠮ ᠤᠨ ᠲᠣᠭᠲᠠᠭᠤᠨ ᠵᠢᠴᠢ ᠠᠷᠠᠳ ᠤᠯᠠᠨ ᠦᠢᠯᠡᠳᠪᠦᠷᠢᠯᠡᠯ ᠠᠮᠢᠳᠤᠷᠠᠯ ᠳᠤ ᠨᠥᠯᠥᠭᠡ ᠪᠠ ᠰᠦᠷᠳᠡᠭᠦᠯᠦᠯ | ᠤᠴᠠᠷᠠᠭᠤᠯᠤᠭᠰᠠᠨ ᠴᠠᠬᠢᠯᠭᠠᠨ ᠵᠣᠭᠰᠣᠭᠰᠠᠨ ᠬᠡᠷᠡᠭ ᠢ ᠵᠢᠭᠠᠵᠤ ᠪᠤᠢ ᠃ | 14 ᠠᠵᠢᠯ ᠤᠨ ᠵᠠᠷᠴᠢᠮ | ᠨᠢᠭᠡᠳᠦᠯᠲᠡᠢ ᠤᠳᠤᠷᠢᠳᠬᠤ ᠂ ᠶᠡᠷᠦᠩᠬᠡᠶᠢᠯᠡᠨ ᠵᠣᠬᠢᠴᠠᠭᠤᠯᠬᠤ ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠂ | ᠠᠵᠢᠯ ᠬᠤᠪᠢᠶᠠᠷᠢᠯᠠᠨ ᠬᠠᠷᠢᠭᠤᠴᠠᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠠᠮᠤᠷ ᠲᠦᠪᠰᠢᠨ ᠢ ᠬᠠᠮᠠᠭᠠᠯᠠᠬᠤ ᠂ | ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠵᠠᠷᠴᠢᠮ ᠢ ᠪᠠᠷᠢᠮᠲᠠᠯᠠᠨ᠎ᠠ ᠃ ᠥᠷᠭᠡᠨ ᠲᠠᠯᠠᠪᠠᠶ ᠪᠠᠷ ᠴᠠᠬᠢᠯᠭᠠᠨ | ᠵᠣᠭᠰᠣᠭᠰᠠᠨ ᠬᠡᠷᠡᠭ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠠᠬᠢᠯᠭᠠᠨ ᠬᠦᠴᠦᠨ ᠤ | ᠠᠵᠤ ᠠᠬᠤᠶᠢᠯᠠᠯ᠂ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠳᠠᠷᠤᠶᠢᠬᠠᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠪᠠ ᠬᠠᠮᠢᠶ᠎ᠠ ᠪᠦᠬᠦᠢ ᠪᠡᠯᠡᠳᠬᠡᠯ ᠲᠥᠰᠥᠯ ᠶᠣᠰᠣᠭᠠᠷ ᠰᠢᠢᠳᠪᠦᠷᠢᠯᠡᠬᠦ ᠠᠵᠢᠯ ᠢᠶᠠᠨ ᠥᠷᠨᠢᠭᠦᠯᠬᠦ | ᠬᠡᠷᠡᠭᠲᠡᠢ᠃ | 15 ᠬᠡᠷᠡᠭ ᠶᠠᠪᠤᠳᠠᠯ ᠤᠨ ᠳᠡᠰ ᠬᠤᠪᠢᠶᠠᠬᠤ | ᠬᠡᠷᠡᠭ ᠶᠠᠪᠤᠳᠠᠯ ᠤᠨ ᠬᠦᠨᠳᠦ ᠨᠣᠴᠢᠲᠠᠢ ᠴᠢᠨᠠᠷ ᠪᠠ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ︾ ᠤᠨ ᠲᠠᠰ ᠬᠤᠪᠢᠶᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠶᠤᠸᠠᠨ ᠪᠦᠦ | ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠴᠢᠬᠤᠯᠠ ᠶᠡᠭᠡ᠂ ᠨᠡᠯᠢᠶᠡᠳ ᠶᠡᠭᠡ᠂ | ᠡᠩ ᠤᠨ ᠭᠤᠷᠪᠠᠨ ᠳᠡᠰ ︵ᠲᠠᠰ ᠬᠤᠪᠢᠶᠠᠬᠤ ᠪᠠᠷᠢᠮᠵᠢᠶ᠎ᠠ ᠶᠢ ᠳᠠᠭᠠᠯᠳᠤᠭᠤᠯᠤᠯ 1 ᠳᠤ ᠦᠵᠡ︶ ᠬᠤᠪᠢᠶᠠᠨ᠎ᠠ᠃ | 2 ᠵᠣᠬᠢᠶᠠᠨ ᠪᠠᠶᠢᠭᠤᠯᠤᠯᠲᠠ ᠶᠢᠨ ᠰᠢᠰᠲ᠋ᠧᠮ | 21 ᠲᠣᠭᠤᠷᠢᠭ ᠤᠨ ᠵᠠᠰᠠᠭ ᠤᠨ ᠣᠷᠳᠣᠨ ᠤ ᠵᠢᠯᠤᠭᠤᠳᠬᠤ ᠪᠠᠶᠢᠭᠤᠯᠤᠮᠵᠢ | ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ | ᠠᠷᠭᠠᠴᠠᠬᠤ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ ᠭᠠᠷᠤᠭᠰᠠᠨ ᠦᠶ᠎ᠡ ᠳᠤ ᠂ ᠲᠤᠭᠤᠷᠢᠭ ᠤᠨ | ᠵᠠᠰᠠᠭ ᠤᠨ ᠣᠷᠳᠣᠨ ᠠᠴᠠ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠪᠠᠶᠢᠭᠤᠯᠵᠤ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠠᠬᠢᠯᠭᠠᠨ ᠬᠦᠴᠦᠨ ᠤ ᠠᠵᠤ ᠠᠬᠤᠶᠢᠯᠠᠯ ᠂ ᠴᠠᠬᠢᠯᠭᠠᠨ ᠬᠦᠴᠦᠨ ᠤ | ᠬᠡᠷᠡᠭᠯᠡᠭᠴᠢ ᠶᠢᠨ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠠᠵᠢᠯ ᠥᠷᠨᠢᠭᠦᠯᠬᠦ ᠢ | ᠵᠢᠯᠤᠭᠤᠳᠬᠤ ᠪᠠ ᠵᠣᠬᠢᠴᠠᠭᠤᠯᠬᠤ ᠂ ᠳᠡᠮᠵᠢᠬᠦ ᠶᠢ ᠬᠠᠷᠢᠭᠤᠴᠠᠭᠤᠯᠤᠨ᠎ᠠ ᠃ | 22 ᠲᠤᠬᠠᠢ ᠶᠢᠨ ᠭᠠᠵᠠᠷ ᠤᠨ ᠵᠢᠯᠤᠭᠤᠳᠬᠤ ᠪᠠᠶᠢᠭᠤᠯᠤᠮᠵᠢ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠦᠶ᠎ᠡ ᠳᠤ ᠂ ᠬᠡᠷᠡᠭ ᠭᠠᠷᠤᠭᠰᠠᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠲᠤᠬᠠᠢ ᠶᠢᠨ ᠭᠠᠵᠠᠷ ᠤᠨ ᠵᠢᠯᠤᠭᠤᠳᠬᠤ ᠭᠠᠵᠠᠷ | ᠪᠠᠶᠢᠭᠤᠯᠵᠤ ᠂ ᠲᠤᠬᠠᠢ ᠶᠢᠨ ᠭᠠᠵᠠᠷ ᠤᠨ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ ᠵᠢᠯᠤᠭᠤᠳᠬᠤ | ᠠᠵᠢᠯ ᠢ ᠬᠠᠷᠢᠭᠤᠴᠠᠭᠤᠯᠤᠨ᠎ᠠ ᠃ ᠲᠤᠬᠠᠢ ᠶᠢᠨ ᠲᠠᠯᠠᠪᠤᠷ ᠤᠨ ᠰᠢᠢᠳᠪᠦᠷᠢᠯᠡᠯᠲᠡ ᠳᠤ ᠣᠷᠣᠯᠴᠠᠭᠰᠠᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ ᠪᠠ ᠠᠵᠢᠯᠲᠠᠨ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ | ᠨᠢᠭᠡᠳᠦᠯᠲᠡᠢ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃ | 23 ᠴᠠᠬᠢᠯᠭᠠᠨ ᠬᠦᠴᠦᠨ ᠤ ᠠᠵᠤ ᠠᠬᠤᠶᠢᠯᠠᠯ | ᠴᠠᠬᠢᠯᠭᠠᠨ ᠬᠦᠴᠦᠨ ᠤ ᠠᠵᠤ ᠠᠬᠤᠶᠢᠯᠠᠯ ︵ ᠴᠠᠬᠢᠯᠭᠠᠨ ᠬᠠᠩᠭᠠᠬᠤ ᠠᠵᠤ ᠠᠬᠤᠶᠢᠯᠠᠯ ᠂ ᠴᠠᠬᠢᠯᠭᠠᠨ ᠭᠠᠷᠭᠠᠬᠤ | ᠠᠵᠤ ᠠᠬᠤᠶᠢᠯᠠᠯ ᠵᠡᠷᠭᠡ ᠪᠠᠭᠲᠠᠨ᠎ᠠ ᠂ ᠳᠣᠷᠣᠭᠰᠢ ᠠᠳᠠᠯᠢ ︶ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠨ | ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ ᠂ ᠴᠠᠬᠢᠯᠭᠠᠨ ᠵᠣᠭᠰᠤᠭᠠᠬᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠂ ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠨ | ᠵᠢᠯᠤᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠳᠣᠣᠷ᠎ᠠ ᠲᠤᠰ ᠠᠵᠤ ᠠᠬᠤᠶᠢᠯᠠᠯ ᠤᠨ ᠴᠠᠬᠢᠯᠭᠠᠨ | ᠬᠦᠴᠦᠨ ᠤ ᠭᠡᠨᠡᠳᠲᠡ ᠶᠢᠨ ᠬᠡᠷᠡᠭ ᠢ ᠮᠡᠳᠡᠭᠦᠯᠬᠦ ᠂ ᠠᠶᠤᠯ ᠠᠴᠠ ᠠᠪᠤᠷᠠᠬᠤ ᠠᠵᠢᠯ ᠢ ᠬᠠᠷᠢᠭᠤᠴᠠᠬᠤ ᠬᠡᠷᠡᠭᠲᠡᠢ ᠃ | ᠴᠠᠬᠢᠯᠭᠠᠨ ᠤ ᠲᠣᠣᠷ ᠤᠨ ᠲᠣᠬᠢᠷᠠᠭᠤᠯᠤᠯᠲᠠ ᠶᠢᠨ ᠠᠵᠢᠯ ᠢ ︽ ᠴᠠᠬᠢᠯᠭᠠᠨ ᠤ ᠲᠣᠣᠷ ᠤᠨ ᠲᠣᠬᠢᠷᠠᠭᠤᠯᠤᠯᠲᠠ ᠶᠢᠨ | ᠬᠠᠮᠢᠶᠠᠷᠤᠯᠲᠠ ᠶᠢᠨ ᠳᠦᠷᠢᠮ ︾ ᠬᠢᠭᠡᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | 24 ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢ | ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠲᠤᠰ ᠨᠢᠭᠡᠴᠢ ᠶᠢᠨ ᠢᠶᠠᠨ ᠴᠠᠬᠢᠯᠭᠠᠨ ᠵᠣᠭᠰᠣᠭᠰᠠᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠂ ᠪᠠᠴᠢᠮ ᠪᠠᠶᠢᠳᠠᠯ ᠢ ᠠᠷᠭᠠᠴᠠᠬᠤ | ᠴᠠᠬᠢᠯᠭᠠᠨ ᠡᠭᠦᠰᠬᠡᠭᠴᠢ ᠲᠣᠬᠢᠷᠠᠭᠤᠯᠤᠨ ᠂ ᠴᠠᠬᠢᠯᠭᠠᠨ ᠵᠣᠭᠰᠣᠭᠰᠠᠨ ᠡ᠊ᠨᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠪᠠᠶᠢᠭᠤᠯᠤᠨ ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠴᠠᠬᠢᠯᠭᠠᠨ ᠬᠦᠴᠦᠨ ᠤ ᠠᠶᠤᠯ ᠦᠭᠡᠢ ᠶᠢ | ᠪᠠᠲᠤᠯᠠᠬᠤ ᠪᠠ ᠰᠡᠷᠭᠡᠶᠢᠯᠡᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠦᠨᠳᠦ ᠶᠡᠭᠡ ᠠᠶᠤᠯ ᠤᠨ ᠡᠬᠢ | ᠰᠤᠷᠪᠤᠯᠵᠢ ᠶᠢᠨ ᠴᠠᠬᠢᠯᠭᠠᠨ ᠵᠣᠭᠰᠣᠭᠰᠠᠨ ᠠᠴᠠ ᠪᠣᠯᠤᠭᠰᠠᠨ ᠡᠭᠦᠰᠦᠮᠡᠯ ᠭᠠᠮᠰᠢᠭ ᠢ ᠰᠡᠷᠭᠡᠶᠢᠯᠡᠬᠦ ᠬᠡᠷᠡᠭᠲᠡᠢ ᠃ | 25 ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯᠲᠡᠨ ᠤ ᠲᠤᠭᠤᠶᠢᠯᠠᠩ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠬᠡᠷᠡᠭᠴᠡᠭᠡ ᠪᠠᠨ ᠦᠨᠳᠦᠰᠦᠯᠡᠨ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠪᠠᠶᠢᠭᠤᠯᠵᠤ᠂ ᠪᠦᠷᠢᠯᠳᠦᠭᠦᠨ ᠨᠢ ᠴᠠᠬᠢᠯᠭᠠᠨ ᠬᠦᠴᠦᠨ᠂ ᠭᠠᠯ ᠤᠨᠲᠠᠷᠠᠭᠠᠬᠤ᠂ ᠴᠠᠭ ᠠᠭᠤᠷ᠂ | ᠭᠠᠵᠠᠷ ᠰᠢᠨᠵᠢᠯᠡᠭᠡ᠂ ᠤᠰᠤᠨ ᠵᠦᠢ ᠵᠡᠷᠭᠡ ᠬᠦᠷᠢᠶ᠎ᠡ ᠬᠡᠪᠴᠢᠶ᠎ᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠶᠠᠷ | ᠪᠦᠷᠢᠯᠳᠦᠵᠦ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠨ ᠰᠢᠢᠳᠪᠦᠷᠢᠯᠡᠬᠦ ᠠᠵᠢᠯ ᠳᠤ | ᠮᠡᠷᠭᠡᠵᠢᠯ ᠤᠨ ᠳᠡᠮᠵᠢᠯᠭᠡ ᠬᠠᠩᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠵᠢᠴᠢ ᠬᠡᠷᠡᠭ ᠤᠨ ᠪᠠᠶᠢᠳᠠᠯ ᠪᠠ ᠰᠢᠢᠳᠪᠦᠷᠢᠯᠡᠯᠲᠡ ᠶᠢ ᠦᠨᠡᠯᠡᠨ ᠵᠢᠱᠢᠬᠦ ᠳᠤ | ᠣᠷᠣᠯᠴᠠᠨ᠎ᠠ᠃ | 3 ᠠᠶᠤᠯ ᠲᠦᠭᠰᠢᠭᠦᠷᠢ ᠪᠠ ᠬᠤᠣᠷ ᠬᠥᠨᠥᠭᠡᠯ ᠤᠨ ᠬᠡᠮᠵᠢᠶᠡᠨ ᠤ ᠵᠠᠳᠠᠯᠤᠯᠲᠠ | 3.1ᠲᠦᠭᠰᠢᠭᠦᠷᠢ ᠶᠢᠨ ᠵᠠᠳᠠᠯᠤᠯᠲᠠ | ᠶᠤᠸᠠᠨ ᠪᠦᠦ ᠱᠠᠨ ᠲᠣᠭᠤᠷᠢᠭ ᠲᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠬᠤ ᠶᠢᠨ | ᠲᠦᠭᠰᠢᠭᠦᠷᠢ ᠳᠤ ᠭᠤᠣᠯᠳᠠᠭᠤ ᠳᠣᠣᠷᠠᠬᠢ ᠬᠡᠳᠦᠨ ᠵᠦᠢᠯ ᠪᠠᠭᠲᠠᠨ᠎ᠠ᠄ | ︵ 1 ︶ ᠶᠤᠸᠠᠨ ᠪᠦᠦ ᠱᠠᠨ ᠤ ᠴᠠᠬᠢᠯᠭᠠᠨ ᠲᠣᠣᠷ ᠤᠨ ᠲᠣᠣᠷ ᠤᠨ ᠵᠢᠶᠠᠰᠠ ᠨᠢ ᠪᠠᠭᠤᠷᠠᠢ ᠂ ᠬᠠᠷᠢᠯᠴᠠᠨ | ᠳᠠᠶᠢᠴᠢᠯᠠᠬᠤ ᠴᠢᠳᠠᠪᠤᠷᠢ ᠨᠢ ᠥᠨᠳᠥᠷ ᠪᠢᠰᠢ᠂ ᠬᠦᠴᠦᠳᠡᠯ ᠥᠭᠡᠷᠡᠴᠢᠯᠡᠬᠦ ᠥᠷᠲᠡᠭᠡᠨ ᠤ ᠭᠠᠳᠠᠭᠠᠳᠤ ᠳᠤ ᠭᠠᠷᠭᠠᠬᠤ | ᠱᠤᠭᠤᠮ ᠤᠨ ᠬᠠᠭᠠᠯᠲᠠ ᠦᠰᠦᠷᠦᠭᠰᠡᠨ ᠤ ᠲᠠᠷᠠᠭ᠎ᠠ᠂ ᠬᠠᠷᠢᠶ᠎ᠠ ᠣᠷᠣᠨ ᠤ ᠳᠣᠲᠣᠷᠠᠬᠢ ᠬᠡᠰᠡᠭ ᠭᠠᠵᠠᠷ ᠤᠨ ᠴᠠᠬᠢᠯᠭᠠᠨ | ᠠᠮᠠᠷᠬᠠᠨ ᠵᠣᠭᠰᠣᠬᠤ ᠳᠤ ᠬᠦᠷᠦᠭᠦᠯᠦᠨ᠎ᠡ ; | ︵2︶ ᠶᠤᠸᠠᠨ ᠪᠦᠦ ᠱᠠᠨ ᠲᠤᠭᠤᠷᠢᠭ ᠳᠤ ᠴᠠᠬᠢᠯᠭᠠᠨ ᠲᠣᠣᠷ ᠤᠨ ᠲᠠᠩ ᠱᠤᠭᠤᠮ ︵ᠮᠧᠶ ᠯᠢ ᠭᠤᠣᠯ ᠤᠨ | 66kV ᠬᠦᠴᠦᠳᠡᠯ ᠥᠭᠡᠷᠡᠴᠢᠯᠡᠬᠦ ᠥᠷᠲᠡᠭᠡ ᠪᠠ ᠳ᠋ᠠ ᠪᠧᠢ ᠬᠠᠢ ᠶᠢᠨ 66kV ᠬᠦᠴᠦᠳᠡᠯ ᠥᠭᠡᠷᠡᠴᠢᠯᠡᠬᠦ | ᠥᠷᠲᠡᠭᠡ︶ ᠤᠨ ᠠᠵᠢᠯᠯᠠᠭᠠᠨ ᠤ ᠪᠠᠶᠢᠳᠠᠯ ᠣᠷᠣᠰᠢᠵᠤ᠂ ᠴᠠᠬᠢᠯᠭᠠᠨ ᠲᠣᠣᠷ ᠤᠨ N-1 ᠶᠢᠨ ᠱᠠᠭᠠᠷᠳᠠᠯᠭ᠎ᠠ ᠶᠢ | ᠬᠠᠩᠭᠠᠭᠰᠠᠨ ᠦᠭᠡᠢ ᠠᠴᠠ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠨᠥᠯᠥᠭᠡᠯᠡᠭᠰᠡᠨ ᠪᠠᠶᠢᠨ᠎ᠠ ︔ | ︵ 3 ︶ ᠭᠠᠵᠠᠷ ᠤᠨ ᠪᠠᠶᠢᠴᠠ ᠭᠠᠵᠠᠷ ᠤᠨ ᠪᠦᠲᠦᠴᠡ ᠪᠤᠳᠤᠯᠢᠶᠠᠨᠲᠠᠢ ᠪᠠᠶᠢᠬᠤ ᠪᠠ ᠪᠦᠬᠦ ᠪᠥᠮᠪᠥᠷᠴᠡᠭ ᠤᠨ | ᠠᠭᠤᠷ ᠠᠮᠢᠰᠬᠤᠯ ᠳᠤᠯᠠᠭᠠᠷᠠᠬᠤ ᠶᠢᠨ ᠨᠥᠯᠥᠭᠡ ᠠᠴᠠ ᠪᠣᠯᠵᠤ ᠂ ᠡᠵᠡᠩᠨᠡᠯᠲᠡ ᠶᠢᠨ ᠣᠷᠣᠨ ᠪᠦᠰᠡ ᠶᠢᠨ ᠳᠣᠲᠣᠷᠠᠬᠢ | ᠭᠠᠵᠠᠷ ᠬᠥᠳᠡᠯᠦᠯᠲᠡ ᠂ ᠪᠣᠷᠣᠭᠠᠨ ᠴᠠᠰᠤ ᠮᠥᠰᠥᠲᠦᠯ ᠂ ᠦᠶᠡᠷ ᠤᠰᠤᠲᠤᠯ ᠵᠡᠷᠭᠡ ᠡᠯ᠎ᠡ ᠵᠦᠢᠯ ᠤᠨ ᠪᠠᠶᠢᠭᠠᠯᠢ ᠶᠢᠨ | ᠭᠠᠮᠰᠢᠭ ᠡᠭᠦᠰᠦᠭᠰᠡᠨ ᠠᠴᠠ ᠪᠣᠯᠵᠤ ᠴᠠᠬᠢᠯᠭᠠᠨ ᠤ ᠲᠣᠣᠷ ᠤᠨ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠡᠪᠳᠡᠨ | ᠰᠦᠢᠳᠬᠡᠵᠦ ᠂ ᠡᠭᠦᠨ ᠤ ᠤᠯᠠᠮ ᠠᠴᠠ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃ | ︵ 4 ︶ ᠵᠡᠷᠯᠢᠭ ᠪᠠᠯᠠᠮᠠᠳ ᠢᠶᠠᠷ ᠪᠠᠷᠢᠯᠭ᠎ᠠ ᠪᠠᠷᠢᠬᠤ ᠂ ᠬᠠᠤᠯᠢ ᠪᠤᠰᠤ ᠪᠠᠷ ᠬᠠᠯᠳᠠᠨ ᠣᠷᠣᠬᠤ ᠂ ᠭᠠᠯ ᠤᠨ ᠠᠶᠤᠯ | ᠳᠡᠯᠪᠡᠷᠡᠬᠦ ᠂ ᠰᠦᠷᠳᠡᠭᠦᠯᠦᠯ ᠤᠨ ᠳᠠᠭᠠᠷᠢᠯᠲᠠ ᠬᠢᠬᠦ ᠵᠡᠷᠭᠡ ᠭᠠᠳᠠᠭᠠᠳᠤ ᠶᠢᠨ ᠬᠦᠴᠦᠨ ᠤ ᠡᠪᠳᠡᠯᠡᠭᠡ ᠪᠤᠶᠤ | ᠨᠡᠶᠢᠭᠡᠮ ᠤᠨ ᠠᠮᠤᠷ ᠲᠦᠪᠰᠢᠨ ᠤ ᠬᠦᠨᠳᠦ ᠶᠡᠭᠡ ᠬᠡᠷᠡᠭ ᠠᠴᠠ ᠪᠣᠯᠤᠭᠰᠠᠨ ᠴᠠᠬᠢᠯᠭᠠᠨ ᠲᠣᠣᠷ ᠤᠨ | ᠲᠥᠬᠦᠭᠡᠷᠦᠮᠵᠢ ᠶᠢᠨ ᠡᠪᠳᠡᠷᠡᠯ ᠰᠦᠢᠳᠦᠯ ᠨᠢ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃ | ︵5︶ ᠠᠵᠢᠯᠯᠠᠭᠠᠨ ᠢ ᠬᠠᠮᠠᠭᠠᠯᠠᠬᠤ ᠠᠵᠢᠯᠲᠠᠨ ᠠᠳᠡᠭᠦᠦ ᠠᠵᠢᠯᠯᠠᠭᠤᠯᠬᠤ ᠪᠤᠶᠤ ᠲᠣᠬᠢᠷᠠᠭᠤᠯᠤᠭᠴᠢ ᠶᠢ ᠵᠣᠬᠢᠰ | ᠦᠭᠡᠢ ᠰᠢᠢᠳᠪᠦᠷᠢᠯᠡᠭᠰᠡᠨ ᠵᠡᠷᠭᠡ ᠨᠢ ᠪᠠᠰᠠ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃ | ︵ 6 ︶ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ | ᠭᠠᠷᠭᠠᠬᠤ ᠬᠦᠴᠦ ᠨᠢ ᠶᠡᠭᠡ ᠬᠡᠪᠴᠢᠶ᠎ᠡ ᠪᠠᠷ ᠬᠠᠰᠤᠭᠳᠠᠬᠤ ᠠᠴᠠ ᠪᠣᠯᠵᠤ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ | ᠮᠡᠳᠡᠨ᠎ᠡ᠃ | ︵ 7 ︶ ᠪᠤᠰᠤᠳ ᠰᠢᠯᠲᠠᠭᠠᠨ ᠠᠴᠠ ᠪᠣᠯᠵᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠃ | 3 2 ᠬᠤᠣᠷ ᠬᠥᠨᠥᠭᠡᠯ ᠤᠨ ᠬᠡᠮᠵᠢᠶ᠎ᠡ ᠶᠢᠨ ᠵᠠᠳᠠᠯᠤᠯᠲᠠ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠨᠢ ᠶᠤᠸᠠᠨ ᠪᠦᠦ ᠱᠠᠨ ᠲᠣᠭᠤᠷᠢᠭ ᠤᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠪᠣᠯᠣᠨ ᠨᠡᠶᠢᠭᠡᠮ ᠤᠨ ᠳᠦᠷᠢ ᠲᠥᠷᠬᠦ ᠶᠢ ᠬᠦᠨᠳᠦ ᠨᠣᠴᠢᠲᠠᠢ | ᠡᠪᠳᠡᠭᠰᠡᠨ ᠤ ᠬᠠᠮᠲᠤ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠰᠠᠭᠤᠷᠢ | ᠲᠥᠬᠦᠭᠡᠷᠦᠮᠵᠢ ᠳᠤ ᠯᠤᠲᠤ ᠶᠡᠭᠡ ᠨᠥᠯᠥᠭᠡ ᠦᠵᠡᠭᠦᠯᠵᠦ ᠂ ᠵᠠᠮ ᠬᠠᠷᠢᠯᠴᠠᠭ᠎ᠠ ᠂ ᠮᠡᠳᠡᠭᠡ ᠬᠤᠯᠪᠣᠭ᠎ᠠ ᠶᠢ | ᠲᠠᠮᠪᠠᠷᠠᠭᠤᠯᠵᠤ ᠂ ᠤᠰᠤ ᠂ ᠬᠡᠢ ᠂ ᠨᠡᠭᠦᠷᠡᠰᠦ ᠂ ᠲᠣᠰᠣ ᠵᠡᠷᠭᠡ ᠶᠢᠨ ᠬᠠᠩᠭᠠᠯᠭ᠎ᠠ ᠶᠢ ᠲᠠᠰᠤᠯᠳᠠᠭᠤᠯᠵᠤ ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠂ ᠠᠷᠠᠳ ᠤᠨ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠂ | ᠴᠢᠨᠠᠭᠰᠢᠯᠠᠪᠠᠯ ᠨᠡᠶᠢᠭᠡᠮ ᠤᠨ ᠠᠮᠤᠷ ᠲᠦᠪᠰᠢᠨ ᠂ ᠣᠷᠣᠨ ᠨᠤᠲᠤᠭ ᠤᠨ ᠠᠮᠤᠷ ᠲᠦᠪᠰᠢᠨ ᠳᠤ ᠲᠤᠶᠢᠯ ᠤᠨ ᠶᠡᠭᠡ | ᠰᠦᠷᠳᠡᠭᠦᠯᠦᠯ ᠤᠴᠠᠷᠠᠭᠤᠯᠵᠤ ᠮᠡᠳᠡᠨ᠎ᠠ ᠃ | ︵ 1 ︶ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠭᠠᠯ ᠰᠡᠷᠭᠡᠶᠢᠯᠡᠬᠦ ᠂ ᠳᠣᠲᠣᠭᠠᠳᠤ ᠶᠢ ᠬᠠᠮᠠᠭᠠᠯᠠᠬᠤ ᠵᠡᠷᠭᠡ | ᠴᠢᠬᠤᠯᠠ ᠪᠠᠶᠢᠭᠤᠯᠤᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠲᠠᠰᠤᠯᠳᠠᠭᠤᠯᠵᠤ ᠂ ᠲᠡᠭᠦᠨ ᠤ ᠨᠡᠶᠢᠭᠡᠮ ᠤᠨ | ᠡᠭᠦᠷᠭᠡ ᠴᠢᠳᠠᠪᠤᠷᠢ ᠶᠢᠨ ᠬᠡᠪ ᠤᠨ ᠠᠵᠢᠯᠯᠠᠭ᠎ᠠ ᠶᠢ ᠨᠥᠯᠥᠭᠡᠯᠡᠵᠦ ᠂ ᠨᠡᠶᠢᠭᠡᠮ ᠤᠨ ᠠᠮᠤᠷ ᠲᠦᠪᠰᠢᠨ ᠪᠠ ᠣᠷᠣᠨ | ᠨᠤᠲᠤᠭ ᠤᠨ ᠠᠮᠤᠷ ᠲᠦᠪᠰᠢᠨ ᠳᠤ ᠠᠰᠢᠭ ᠦᠭᠡᠢ ᠃ | ︵2︶ ᠬᠢᠮᠢ ᠶᠢᠨ ᠠᠵᠤ ᠦᠢᠯᠡᠳᠪᠦᠷᠢ ᠂ ᠲᠡᠮᠦᠷ ᠬᠠᠶᠢᠯᠤᠭᠤᠯᠬᠤ ᠂ ᠨᠡᠭᠦᠷᠡᠰᠦᠨ ᠠᠭᠤᠷᠬᠠᠢ ᠂ ᠨᠡᠭᠦᠷᠡᠰᠦᠨ ᠤ | ᠪᠤᠰᠤ ᠠᠭᠤᠷᠬᠠᠢ ᠶᠢᠨ ᠠᠭᠤᠯᠠ ᠵᠡᠷᠭᠡ ᠠᠶᠤᠯ ᠶᠡᠬᠡᠲᠡᠢ ᠬᠡᠷᠡᠭᠯᠡᠭᠴᠢ ᠶᠢᠨ ᠴᠠᠬᠢᠯᠭᠠᠨ ᠬᠦᠴᠦᠨ ᠢ ᠲᠠᠰᠤᠯᠳᠠᠭᠤᠯᠵᠤ ᠂ | ᠦᠢᠯᠡᠳᠪᠦᠷᠢᠯᠡᠯ ᠡᠵᠡᠩᠨᠡᠯᠲᠡ ᠶᠢᠨ ᠡ᠊ᠨᠳᠡᠯ ᠵᠢᠴᠢ ᠲᠡᠭᠦᠨ ᠡᠴᠡᠭᠠᠢ ᠭᠠᠮᠰᠢᠭ ᠡᠭᠦᠰᠦᠨ᠎ᠡ᠃ | ︵ 3 ︶ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠂ ᠠᠭᠤᠳᠠᠮ ᠲᠠᠯᠠᠪᠠᠢ ᠂ ᠣᠷᠣᠨ ᠰᠠᠭᠤᠴᠠ ᠶᠢᠨ | ᠵᠢᠵᠢᠭ ᠲᠣᠭᠤᠷᠢᠭ ᠂ ᠡᠮᠨᠡᠯᠭᠡ ᠶᠢᠨ ᠬᠤᠷᠢᠶ᠎ᠠ ᠂ ᠰᠤᠷᠭᠠᠭᠤᠯᠢ ᠵᠡᠷᠭᠡ ᠥᠨᠳᠥᠷ ᠨᠢᠭᠲᠠᠴᠠ ᠲᠠᠢ ᠬᠥᠮᠥᠨ ᠠᠮᠠ ᠶᠢᠨ | ᠲᠥᠪᠯᠡᠷᠡᠯ ᠤᠨ ᠴᠡᠭ ᠤᠨ ᠰᠠᠭᠤᠷᠢ ᠲᠥᠬᠦᠭᠡᠷᠦᠮᠵᠢ ᠶᠢᠨ ᠴᠠᠬᠢᠯᠭᠠᠨ ᠬᠦᠴᠦᠨ ᠢ ᠲᠠᠰᠤᠯᠳᠠᠭᠤᠯᠵᠤ ᠂ ᠤᠯᠠᠨ | ᠲᠦᠮᠡᠨ ᠢ ᠭᠡᠯᠮᠡᠭᠳᠡᠭᠦᠯᠵᠦ ᠂ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠠᠨᠠ᠃ | ︵ 4 ︶ ᠬᠤᠳᠠ ᠶᠢᠨ ᠵᠠᠮ ᠬᠠᠷᠢᠯᠴᠠᠭ᠎ᠠ ᠶᠢ ᠲᠦᠭᠵᠢᠷᠡᠭᠦᠯᠬᠦ ᠂ ᠴᠢᠨᠠᠭᠰᠢᠯᠠᠪᠠᠯ ᠲᠠᠮᠪᠠᠷᠠᠭᠤᠯᠵᠤ ᠂ ᠲᠡᠮᠦᠷ | ᠵᠠᠮ ᠤᠨ ᠴᠠᠬᠢᠯᠭᠠᠨ ᠬᠠᠩᠭᠠᠯᠭ᠎ᠠ ᠶᠢ ᠲᠠᠰᠤᠯᠳᠠᠭᠤᠯᠵᠤ ᠂ ᠵᠠᠮ ᠬᠠᠷᠢᠯᠴᠠᠭ᠎ᠠ ᠂ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠪᠠ ᠡᠳ᠋ ᠪᠣᠳᠠᠰ ᠤᠨ ᠲᠡᠭᠡᠭᠡᠪᠦᠷᠢ ᠶᠢ ᠨᠦᠯᠦᠭᠡᠯᠡᠨ᠎ᠡ᠃ | ︵ 5 ︶ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠨᠢ ᠣᠳᠣᠬᠠᠨ ᠤ ᠰᠢᠨ᠎ᠡ ᠵᠠᠭᠤᠴᠢᠯᠠᠭᠤᠷ ᠤᠨ | ᠴᠠᠭ ᠦᠶ᠎ᠡ ᠳᠤ ᠲᠤᠶᠢᠯ ᠤᠨ ᠠᠮᠠᠷᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠠᠯᠠᠭᠤᠨ ᠴᠡᠭ ᠪᠣᠯᠵᠤ᠂ ᠤᠯᠠᠨ | ᠨᠡᠶᠢᠲᠡ ᠶᠢᠨ ᠦᠨᠡᠨ ᠪᠠᠶᠢᠳᠠᠯ ᠢ ᠮᠡᠳᠡᠬᠦ ᠦᠭᠡᠢ ᠪᠠᠶᠢᠳᠠᠯ ᠤᠨ ᠳᠣᠣᠷ᠎ᠠ ᠂ ᠬᠡᠷᠪᠡ ᠶᠠᠷᠢᠶ᠎ᠠ ᠬᠡᠯᠡᠯᠴᠡᠭᠡᠨ ᠤ ᠪᠤᠷᠤᠭᠤ | ᠪᠠᠶᠢᠳᠠᠯ ᠭᠠᠷᠬᠤ ᠳᠤ ᠬᠦᠷᠪᠡᠯ ᠂ ᠤᠯᠠᠨ ᠨᠡᠶᠢᠲᠡ ᠶᠢᠨ ᠭᠡᠯᠮᠡᠭᠳᠡᠯ ᠢ ᠪᠤᠢ ᠪᠣᠯᠭᠠᠵᠤ ᠂ ᠨᠡᠶᠢᠭᠡᠮ ᠤᠨ ᠲᠣᠭᠲᠠᠭᠤᠨ | ᠪᠠᠶᠢᠳᠠᠯ ᠢ ᠨᠥᠯᠥᠭᠡᠯᠡᠵᠦ ᠮᠡᠳᠡᠨ᠎ᠠ ᠃ | 4. ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ | 41 ᠬᠢᠨᠠᠨ ᠬᠡᠮᠵᠢᠬᠦ | ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠬᠤᠯᠠ | ᠴᠠᠬᠢᠯᠭᠠᠨ ᠬᠦᠴᠦᠨ ᠤ ᠲᠥᠬᠦᠭᠡᠷᠦᠮᠵᠢ᠂ ᠲᠥᠬᠦᠭᠡᠷᠦᠮᠵᠢ ᠶᠢᠨ ᠠᠵᠢᠯᠯᠠᠭᠠᠨ᠂ ᠴᠠᠬᠢᠯᠭᠠᠨ ᠭᠠᠷᠭᠠᠬᠤ | ᠰᠢᠲᠠᠭᠠᠯᠭ᠎ᠠ ᠶᠢᠨ ᠬᠠᠩᠭᠠᠯᠭ᠎ᠠ ᠶᠢᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠡᠨᠧᠷᠭᠢ᠂ ᠴᠠᠭ ᠠᠭᠤᠷ᠂ | ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠭᠠᠵᠠᠷ ᠬᠥᠳᠡᠯᠦᠯᠲᠡ᠂ ᠳᠣᠲᠣᠭᠠᠳᠤ ᠶᠢ ᠬᠠᠮᠠᠭᠠᠯᠠᠬᠤ᠂ | ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠯᠤᠭ᠎ᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ | ᠪᠠᠶᠢᠳᠠᠯ ᠤᠨ ᠴᠠᠬᠢᠯᠭᠠᠨ ᠬᠦᠴᠦᠨ ᠤ ᠠᠵᠢᠯᠯᠠᠭᠠᠨ ᠳᠤ ᠤᠴᠠᠷᠠᠭᠤᠯᠵᠤ ᠮᠡᠳᠡᠬᠦ ᠨᠥᠯᠥᠭᠡ ᠶᠢ ᠴᠠᠭ ᠲᠤᠬᠠᠢ ᠳᠤᠨᠢ | ᠵᠠᠳᠠᠯᠵᠤ᠂ ᠨᠥᠯᠥᠭᠡᠯᠡᠵᠦ ᠮᠡᠳᠡᠬᠦ ᠬᠡᠪᠴᠢᠶ᠎ᠡ ᠪᠠ ᠬᠡᠮᠵᠢᠶ᠎ᠡ ᠶᠢ ᠤᠷᠢᠳᠴᠢᠯᠠᠨ ᠵᠢᠱᠢᠨ᠎ᠡ᠃ | 42 ᠤᠷᠢᠳᠴᠢᠯᠠᠨ ᠰᠡᠷᠡᠮᠵᠢᠯᠡᠭᠦᠯᠬᠦ | 4.1.1 ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠴᠠᠬᠢᠯᠭᠠᠨ ᠬᠦᠴᠦᠨ ᠤ ᠠᠵᠤ ᠠᠬᠤᠶᠢᠯᠠᠯ ᠤᠨᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠴᠤ | ᠮᠡᠳᠡᠬᠦ ᠢ ᠰᠤᠳᠤᠯᠤᠨ ᠮᠠᠭᠠᠳᠯᠠᠬᠤ ᠲᠤ ᠬᠤᠯᠪᠣᠭᠳᠠᠯ ᠪᠦᠬᠦᠢ ᠪᠠᠶᠢᠳᠠᠯ ᠢ ᠬᠠᠷᠢᠶ᠎ᠠ ᠭᠠᠵᠠᠷ ᠤᠨ ᠨᠥᠯᠥᠭᠡᠯᠡᠭᠳᠡᠭᠰᠡᠨ | ᠣᠷᠣᠨ ᠤ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠵᠦ ᠂ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠪᠠᠶᠢᠳᠠᠯ ᠢ ᠨᠢ ᠦᠵᠡᠵᠦ | ᠪᠠᠶᠢᠭᠠᠳ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠲᠤ ᠮᠡᠳᠡᠭᠳᠡᠬᠦ ᠬᠡᠷᠡᠭᠲᠡᠢ ᠃ ᠬᠡᠷᠡᠭ ᠭᠠᠷᠤᠭᠰᠠᠨ ᠭᠠᠵᠠᠷ | ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ | ᠰᠤᠳᠤᠯᠤᠨ ᠮᠠᠭᠠᠳᠯᠠᠵᠤ ᠂ ᠴᠠᠭ ᠲᠤᠬᠠᠢ ᠳᠤᠨᠢ ᠴᠢᠬᠤᠯᠠ ᠬᠡᠷᠡᠭ ᠭᠠᠷᠤᠭᠰᠠᠨ ᠭᠠᠵᠠᠷ ᠢ ᠠᠷᠠᠳ ᠤᠨ | ᠵᠠᠰᠠᠭ ᠤᠨᠣᠷᠳᠣᠨ ᠳᠤ ᠮᠡᠳᠡᠭᠦᠯᠵᠦ ᠂ ᠵᠥᠪᠰᠢᠶᠡᠷᠡᠭᠦᠯᠦᠭᠰᠡᠨ ᠤ ᠲᠡᠷᠠᠭ᠎ᠠ ᠨᠡᠶᠢᠭᠡᠮ ᠨᠡᠶᠢᠲᠡ ᠳᠤ ᠤᠷᠢᠳᠴᠢᠯᠠᠨ | ᠰᠡᠷᠡᠮᠵᠢᠭᠦᠯᠵᠦ᠂ ᠨᠡᠶᠢᠲᠡᠯᠡᠬᠦ ᠶᠢᠨ ᠬᠠᠮᠲᠤ ᠠᠳᠠᠯᠢ ᠱᠠᠲᠤᠨ ᠤ ᠪᠤᠰᠤᠳ ᠰᠠᠯᠠᠭ᠎ᠠ ᠮᠥᠴᠢᠷ ᠪᠣᠯᠣᠨ ᠨᠢᠭᠡᠴᠡ ᠳᠤ | ᠨᠡᠪᠲᠡᠷᠡᠭᠦᠯᠬᠦ ᠬᠡᠷᠡᠭᠲᠡᠢ ᠃ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠶᠡᠭᠡ ᠬᠡᠪᠴᠢᠶᠡᠨ ᠳᠤ ᠴᠠᠬᠢᠯᠭᠠᠨ | ᠵᠣᠭᠰᠣᠭᠰᠠᠨ ᠬᠡᠷᠡᠭ ᠭᠠᠷᠴᠤ ᠮᠡᠳᠡᠬᠦ ᠶᠢ ᠰᠤᠳᠤᠯᠤᠨ ᠮᠠᠭᠠᠳᠯᠠᠬᠤ ᠳᠤ᠂ ᠴᠠᠬᠢᠯᠭᠠᠨ ᠬᠦᠴᠦᠨ ᠤ ᠠᠵᠤ ᠠᠬᠤᠶᠢᠯᠠᠯ | ᠨᠢ ᠣᠷᠣᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠳᠡᠭᠡᠳᠦ ᠱᠠᠲᠤᠨ ᠤ ᠨᠢᠭᠡᠴᠡ ᠪᠣᠯᠣᠨ | ᠤᠯᠤᠰ ᠤᠨ ᠡᠨᠧᠷᠭᠢ ᠶᠢᠨ ᠲᠣᠪᠴᠢᠶ᠎ᠠ ᠶᠢᠨ ᠵᠡᠭᠦᠨ ᠬᠤᠶᠢᠲᠤ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ | ᠮᠡᠳᠡᠭᠦᠯᠬᠦ ᠬᠡᠷᠡᠭᠲᠡᠢ᠃ | 4.2.2 ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠳ | ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠪᠠᠶᠢᠴᠠᠭᠠᠨ ᠵᠠᠰᠠᠬᠤ ᠪᠠ ᠠᠵᠢᠯᠯᠠᠭᠠᠨ ᠢ ᠬᠢᠨᠠᠨ ᠬᠡᠮᠵᠢᠬᠦ ᠪᠠᠨ | ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠪᠠᠶᠢᠳᠠᠯ ᠤᠨ ᠬᠥᠭᠵᠢᠯᠲᠡ ᠶᠢ | ᠡᠵᠡᠮᠳᠡᠬᠦ ᠬᠡᠷᠡᠭᠲᠡᠢ ︔ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠶᠢ ᠠᠪᠤᠷᠠᠨ ᠲᠤᠰᠠᠯᠠᠬᠤ ᠡᠩᠨᠡᠭᠡ ᠪᠣᠯᠣᠨ | ᠬᠥᠮᠥᠰ ᠢ ᠵᠣᠬᠢᠶᠠᠨ ᠪᠠᠶᠢᠭᠤᠯᠤᠨ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠵᠤ᠂ ᠪᠡᠯᠡᠳᠬᠡᠯ ᠠᠵᠢᠯᠲᠠᠨ ᠢ | ᠳᠠᠶᠢᠴᠢᠯᠠᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ ᠣᠷᠣᠯᠴᠠᠬᠤ | ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ ᠪᠣᠯᠣᠨ ᠲᠥᠬᠦᠭᠡᠷᠦᠮᠵᠢ ᠵᠡᠷᠭᠡ | ᠪᠠᠴᠢᠮ ᠪᠠᠶᠢᠳᠠᠯ ᠢ ᠠᠷᠭᠠᠴᠠᠬᠤ ᠶᠢᠨ ᠪᠠᠲᠤᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ | ᠴᠠᠬᠢᠯᠭᠠᠨ ᠬᠦᠴᠦᠨ ᠤ ᠬᠡᠷᠡᠭᠯᠡᠭᠴᠢ ᠨᠢ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢ ᠡᠬᠢᠯᠡᠨ | ᠬᠡᠷᠡᠭᠯᠡᠬᠦ ᠪᠡᠯᠡᠳᠬᠡᠯ ᠠᠵᠢᠯ ᠢ ᠰᠠᠶᠢᠲᠤᠷ ᠬᠢᠨ᠎ᠡ᠃ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ | ᠪᠠᠴᠢᠮ ᠪᠠᠶᠢᠳᠠᠯ ᠢ ᠠᠷᠭᠠᠴᠠᠭᠠᠯᠲᠠ ᠶᠢ ᠡᠬᠢᠯᠡᠭᠦᠯᠵᠦ᠂ ᠣᠷᠣᠨ ᠪᠦᠰᠡ ᠠᠯᠤᠰᠯᠠᠬᠤ ᠶᠢᠨ ᠵᠡᠷᠭᠡ ᠳᠤ ᠪᠠᠴᠢᠮ | ᠪᠠᠶᠢᠳᠠᠯ ᠢ ᠠᠷᠭᠠᠴᠠᠬᠤ ᠬᠠᠮᠲᠤᠷᠠᠯᠴᠠᠭ᠎ᠠ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠡᠮᠬᠢ ᠵᠢᠷᠤᠮ ᠢ ᠬᠠᠮᠠᠭᠠᠯᠠᠵᠤ ᠂ | ᠤᠰᠤ᠂ ᠬᠡᠢ᠂ ᠢᠯᠴᠢ ᠬᠠᠩᠭᠠᠬᠤ᠂ ᠲᠠᠸᠠᠷ ᠤᠨ ᠬᠠᠩᠭᠠᠯᠭ᠎ᠠ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠨ᠎ᠡ︔ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ | ᠠᠵᠢᠯ ᠢ ᠰᠠᠶᠢᠲᠤᠷ ᠬᠢᠵᠦ ᠂ ᠬᠤᠯᠪᠣᠭᠳᠠᠯ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ | ᠴᠢᠩᠭᠠᠳᠬᠠᠵᠤ ᠂ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠴᠤᠤᠷᠬᠠᠯ ᠶᠠᠷᠢᠶ᠎ᠠ ᠶᠢ ᠴᠠᠭ ᠲᠤᠬᠠᠢ ᠳᠤᠨᠢ ᠢᠯᠭᠠᠷᠠᠭᠤᠯᠤᠨ᠎ᠠ ᠃ | 43 ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ | ᠬᠡᠷᠡᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠬᠡᠷᠡᠭ | ᠭᠠᠷᠬᠤ ᠦᠭᠡᠢ ᠂ ᠴᠠᠬᠢᠯᠭᠠᠨ ᠬᠠᠩᠭᠠᠯᠭ᠎ᠠ ᠶᠢ ᠰᠡᠷᠭᠦᠭᠡᠭᠰᠡᠨ ᠤ ᠳᠠᠷᠠᠭ᠎ᠠ ᠡᠭᠦᠰᠦᠮᠡᠯ ᠭᠠᠮᠰᠢᠭ ᠭᠠᠷᠬᠤ ᠦᠭᠡᠢ ᠭᠡᠵᠦ | ᠰᠤᠳᠤᠯᠤᠨ ᠮᠠᠭᠠᠳᠯᠠᠭᠰᠠᠨ ᠦᠶ᠎ᠡ ᠳᠤ᠂ ︽ᠬᠡᠨ ᠨᠡᠶᠢᠲᠡᠯᠡᠪᠡᠯ ᠬᠡᠨ ᠬᠦᠴᠦᠨ ᠦᠭᠡᠢ ᠪᠣᠯᠭᠠᠬᠤ︾ ᠵᠠᠷᠴᠢᠮ | ᠶᠣᠰᠣᠭᠠᠷ᠂ ᠨᠡᠶᠢᠲᠡᠯᠡᠭᠰᠡᠨ ᠨᠢᠭᠡᠴᠡ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ ᠪᠠᠷ | ᠨᠡᠶᠢᠲᠡᠯᠡᠵᠦ᠂ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ ᠶᠢᠨ ᠬᠠᠷᠢᠭᠤ ᠲᠤᠰᠬᠠᠯ ᠢ ᠵᠣᠭᠰᠣᠭᠠᠨ᠎ᠠ᠃ | 43 ᠮᠡᠳᠡᠭᠡ ᠵᠠᠩᠭᠢ ᠶᠢᠨ ᠮᠡᠳᠡᠭᠦᠯᠦᠯᠲᠡ | ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠲᠠᠷᠠᠭ᠎ᠠ ᠂ ᠬᠠᠮᠢᠶ᠎ᠠ ᠪᠦᠬᠦᠢ ᠴᠠᠬᠢᠯᠭᠠᠨ | ᠬᠦᠴᠦᠨ ᠤ ᠠᠵᠤ ᠠᠬᠤᠶᠢᠯᠠᠯ ᠨᠢ ᠨᠥᠯᠥᠭᠡᠯᠡᠭᠳᠡᠭᠰᠡᠨ ᠣᠷᠣᠨ ᠤ ᠬᠠᠷᠢᠶ᠎ᠠ ᠭᠠᠵᠠᠷ ᠤᠨ ᠴᠠᠬᠢᠯᠭᠠᠨ ᠬᠦᠴᠦᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠨᠥᠯᠥᠭᠡᠯᠡᠭᠳᠡᠭᠰᠡᠨ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠳᠤ ᠳᠠᠷᠤᠶᠢᠬᠠᠨ ᠮᠡᠳᠡᠭᠦᠯᠬᠦ ᠶᠢᠨ ᠬᠠᠮᠲᠤ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠵᠡᠭᠦᠨ ᠬᠤᠶᠢᠲᠤ | ᠣᠷᠣᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ ᠃ | ᠬᠡᠷᠡᠭ ᠭᠠᠷᠤᠭᠰᠠᠨ ᠭᠠᠵᠠᠷ ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠶᠡᠭᠡ ᠬᠡᠪᠴᠢᠶ᠎ᠡ ᠪᠠᠷ | ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠣᠯᠣᠭᠰᠠᠨ ᠪᠤᠶᠤ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠬᠢᠨᠠᠨ ᠬᠡᠮᠵᠢᠭᠰᠡᠨ ᠤ ᠳᠠᠷᠠᠭ᠎ᠠ᠂ ᠲᠡᠷᠡ ᠳᠠᠷᠤᠢ ᠳᠤᠨᠢ ᠬᠢᠨᠠᠨ ᠬᠠᠷᠭᠤᠭᠤᠯᠵᠤ ᠂ ᠶᠡᠭᠡ | ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠰᠢᠨᠵᠢ ᠴᠢᠨᠠᠷ ᠂ ᠲᠦᠷᠦᠯ ᠢᠯᠭᠠᠯ ᠢ ᠠᠩᠬ᠎ᠠ ᠠᠯᠬᠤᠮ | ᠮᠠᠭᠠᠳᠯᠠᠨ ᠲᠣᠭᠲᠠᠭᠠᠵᠤ ᠂ ᠤᠯᠤᠰ ᠠᠴᠠ ᠲᠣᠭᠲᠠᠭᠠᠭᠰᠠᠨ ᠴᠠᠭ ᠬᠤᠭᠤᠴᠠᠭ᠎ᠠ ᠂ ᠵᠢᠷᠤᠮ ᠪᠠ ᠱᠠᠭᠠᠷᠳᠠᠯᠭ᠎ᠠ | ᠶᠣᠰᠣᠭᠠᠷ ᠳᠡᠭᠡᠳᠦ ᠱᠠᠲᠤᠨ ᠤ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠠᠳᠠᠯᠢ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠠᠳᠠᠯᠢ ᠱᠠᠲᠤᠨ ᠤ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠮᠡᠳᠡᠭᠳᠡᠬᠦ ᠬᠡᠷᠡᠭᠲᠡᠢ ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠮᠡᠳᠡᠭᠡ ᠵᠠᠩᠭᠢ ᠶᠢ ᠱᠠᠲᠤ ᠳᠠᠷᠠᠭᠠᠯᠠᠨ ᠳᠡᠭᠡᠭᠰᠢ | ᠮᠡᠳᠡᠭᠦᠯᠵᠦ ᠂ ᠴᠢᠬᠤᠯᠠᠲᠠᠢ ᠦᠶ᠎ᠡ ᠳᠤ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠣᠨ᠎ᠠ ᠃ | 5 ᠪᠠᠴᠢᠮ ᠪᠠᠶᠢᠳᠠᠯ ᠤᠨ ᠠᠷᠭᠠᠴᠠᠭᠠᠯᠲᠠ | 5.1 ᠠᠷᠭᠠᠴᠠᠭᠠᠯᠲᠠ ᠶᠢᠨ ᠳᠡᠰ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠬᠦᠨᠳᠦ ᠨᠣᠴᠢᠲᠠᠢ ᠬᠡᠮᠵᠢᠶ᠎ᠡ ᠪᠠ ᠬᠥᠭᠵᠢᠯᠲᠡ ᠶᠢᠨ | ᠪᠠᠶᠢᠳᠠᠯ ᠢ ᠦᠨᠳᠦᠰᠦᠯᠡᠨ ᠂ ᠪᠠᠴᠢᠮ ᠪᠠᠶᠢᠳᠠᠯ ᠤᠨ ᠠᠷᠭᠠᠴᠠᠭᠠᠯᠲᠠ ᠶᠢ Ⅰ ᠲᠠᠰ᠂ Ⅱ ᠲᠠᠰ ᠪᠠ Ⅲ ᠲᠠᠰ ᠭᠡᠵᠦ | 3 ᠲᠠᠰ ᠢᠶᠠᠷ ᠲᠣᠭᠲᠠᠭᠠᠪᠠ᠃ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ ᠢ ᠠᠩᠬ᠎ᠠ | ᠠᠯᠬᠤᠮ ᠮᠠᠭᠠᠳᠯᠠᠵᠤ᠂ Ⅰ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠵᠦ᠂ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ᠠᠩᠬ᠎ᠠ ᠠᠯᠬᠤᠮ ᠤᠨ ᠲᠠᠰᠤᠯᠤᠯᠲᠠ ᠳᠤ ᠨᠡᠯᠢᠶᠡᠳ ᠶᠡᠭᠡ᠂ ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ | ᠬᠡᠷᠡᠭ ᠭᠠᠷᠪᠠᠯ᠂ ᠲᠣᠰ ᠲᠣᠰ Ⅱ ᠲᠠᠰ᠂ Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠬᠢᠬᠦ ᠠᠵᠢᠯ ᠢ | ᠡᠬᠢᠯᠡᠭᠦᠯᠵᠦ᠂ ᠬᠡᠷᠡᠭ ᠤᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ᠬᠡᠷᠡᠭ ᠭᠠᠷᠤᠭᠰᠠᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠠᠴᠠ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠷᠢᠮᠵᠢᠶ᠎ᠠ ᠳᠤ ᠬᠠᠷᠠᠬᠠᠨ ᠬᠦᠷᠦᠭᠡᠳᠦᠶ | ᠪᠣᠯᠪᠠᠴᠤ ᠨᠡᠶᠢᠭᠡᠮ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠤᠰᠤᠳ ᠴᠠᠬᠢᠯᠭᠠᠨ ᠵᠣᠭᠰᠣᠭᠰᠠᠨ ᠬᠡᠷᠡᠭ ᠲᠤ | ᠪᠣᠯ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠵᠦ ᠪᠣᠯᠣᠨ᠎ᠠ᠃ | ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠦᠭᠰᠡᠨ ᠤ ᠳᠠᠷᠠᠭ᠎ᠠ᠂ ᠬᠡᠷᠡᠭ ᠠᠴᠠ ᠪᠣᠯᠤᠭᠰᠠᠨ | ᠬᠤᠬᠢᠷᠠᠯ ᠤᠨ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢ ᠦᠵᠡᠵᠦ ᠪᠠᠶᠢᠭᠠᠳ ᠳᠠᠭᠠᠬᠤ ᠶᠢᠨ ᠲᠠᠰ ᠲᠤ | ᠲᠣᠬᠢᠷᠠᠭᠤᠯᠤᠯᠲᠠ ᠬᠢᠵᠦ ᠂ ᠠᠷᠭᠠᠴᠠᠭᠠᠯᠲᠠ ᠪᠠᠷ ᠬᠦᠷᠦᠯᠴᠡᠬᠦ ᠦᠭᠡᠢ ᠪᠤᠶᠤ ᠬᠡᠲᠦᠠᠷᠭᠠᠴᠠᠭᠠᠯᠲᠠᠡᠴᠠ ᠵᠠᠶᠢᠯᠠᠰᠬᠢᠬᠦ | ᠬᠡᠷᠡᠭᠲᠡᠢ᠃ | 5.2ᠠᠷᠭᠠᠴᠠᠭᠠᠯᠲᠠ ᠤᠨᠠᠷᠭ᠎ᠠ ᠬᠡᠮᠵᠢᠶ᠎ᠡ | ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠡᠭᠦᠰᠦᠭᠰᠡᠨ ᠤ ᠳᠠᠷᠠᠭ᠎ᠠ᠂ ᠬᠠᠮᠢᠶ᠎ᠠ ᠪᠦᠬᠦᠢ | ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠣᠨ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠨᠢ ᠳᠠᠷᠤᠢ | ᠲᠦᠷᠭᠡᠨ ᠤᠷᠢᠳᠠᠪᠠᠷ ᠰᠢᠢᠳᠪᠦᠷᠢᠯᠡᠬᠦ ᠶᠢ ᠬᠡᠷᠡᠭᠵᠢᠭᠦᠯᠵᠦ᠂ ᠬᠡᠷᠡᠭ ᠤᠨ ᠬᠥᠭᠵᠢᠯᠲᠡ ᠶᠢᠨ ᠪᠠᠶᠢᠳᠠᠯ ᠢ ᠪᠥᠬᠦ | ᠬᠦᠴᠦᠨ ᠢᠶᠠᠷ ᠢᠶᠠᠨ ᠡᠵᠡᠮᠳᠡᠵᠦ᠂ ᠬᠤᠬᠢᠷᠠᠯ ᠢ ᠪᠠᠭᠠᠰᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠣᠨ ᠨᠢᠭᠡᠴᠡ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠷᠭᠠᠴᠠᠬᠤ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ | 521 ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠠᠷᠭᠠᠴᠠᠭᠠᠯᠲᠠ ᠤᠨ ᠠᠷᠭ᠎ᠠ ᠬᠡᠮᠵᠢᠶ᠎ᠡ | ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ ᠪᠠᠶᠢᠭᠤᠯᠤᠮᠵᠢ ᠨᠤᠭᠤᠳ ᠠᠵᠢᠯᠯᠠᠭᠠᠨ ᠤ ᠠᠷᠭ᠎ᠠ ᠮᠠᠶ᠋ᠢᠭ ᠢᠶᠠᠨ | ᠵᠦᠢ ᠵᠣᠬᠢᠰᠲᠠᠢ ᠲᠣᠬᠢᠷᠠᠭᠤᠯᠵᠤ ᠂ ᠴᠠᠬᠢᠯᠭᠠᠨ ᠵᠣᠭᠰᠣᠬᠤ ᠬᠡᠪᠴᠢᠶ᠎ᠡ ᠶᠢ ᠬᠢᠵᠠᠭᠠᠷᠯᠠᠨ᠎ᠠ ᠃ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠴᠢᠬᠤᠯᠠ ᠲᠥᠬᠦᠭᠡᠷᠦᠮᠵᠢ ᠂ ᠴᠠᠬᠢᠯᠭᠠᠨ ᠬᠦᠴᠦᠨ ᠤ ᠭᠤᠣᠯ ᠲᠣᠣᠷ ᠤᠨ ᠠᠵᠢᠯᠯᠠᠭ᠎ᠠ ᠶᠢ | ᠠᠯᠢ ᠲᠦᠷᠭᠡᠨ ᠢᠶᠠᠷ ᠰᠡᠷᠭᠦᠭᠡᠨ᠎ᠡ ; ᠨᠥᠬᠦᠴᠡᠯ ᠪᠦᠷᠢᠳᠦᠭᠰᠡᠨ ᠦᠶ᠎ᠡ ᠳᠤ ᠂ ᠴᠢᠬᠤᠯᠠ ᠴᠠᠬᠢᠯᠭᠠᠨ ᠬᠦᠴᠦᠨ ᠬᠡᠷᠡᠭᠯᠡᠬᠦ | ᠡᠷᠦᠬᠡ ᠂ ᠴᠢᠬᠤᠯᠠ ᠬᠤᠳᠠ ᠪᠣᠯᠣᠨ ᠭᠤᠣᠯᠳᠠᠯᠭ᠎ᠠ ᠲᠠᠢ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ | ᠤᠷᠢᠳᠠᠪᠠᠷ ᠰᠡᠷᠭᠦᠭᠡᠨ᠎ᠡ ᠃ | ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ | ᠬᠤᠬᠢᠷᠠᠭᠰᠠᠨ ᠴᠠᠬᠢᠯᠭᠠᠨ ᠤ ᠲᠣᠣᠷ ᠲᠥᠬᠦᠭᠡᠷᠦᠮᠵᠢ ᠪᠡᠯᠡᠳᠬᠡᠮᠵᠢ ᠶᠢ ᠵᠠᠪᠳᠤᠨ ᠵᠠᠰᠠᠵᠤ᠂ ᠬᠡᠷᠡᠭ ᠭᠠᠷᠤᠭᠰᠠᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠪᠤᠶᠤ ᠵᠣᠬᠢᠴᠠᠩᠭᠤᠢ ᠵᠣᠬᠢᠶᠠᠨ ᠪᠠᠶᠢᠭᠤᠯᠵᠤ ᠵᠢᠯᠤᠭᠤᠳᠬᠤ | ᠪᠠᠶᠢᠭᠤᠯᠤᠮᠵᠢ ᠶᠢᠨ ᠱᠠᠭᠠᠷᠳᠠᠯᠭ᠎ᠠ ᠶᠢ ᠦᠨᠳᠦᠰᠦᠯᠡᠨ ᠂ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠬᠢᠭᠡᠳ | ᠴᠢᠬᠤᠯᠠ ᠪᠡᠯᠡᠳᠬᠡᠮᠵᠢ ᠳᠤ ᠴᠢᠬᠤᠯᠠ ᠪᠦᠬᠦᠢ ᠴᠠᠬᠢᠯᠭᠠᠨ ᠬᠦᠴᠦᠨ ᠤ ᠲᠤᠰᠠᠯᠠᠮᠵᠢ ᠬᠠᠩᠭᠠᠬᠤ ᠬᠡᠷᠡᠭᠲᠡᠢ ᠃ | ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠲᠥᠬᠦᠭᠡᠷᠦᠮᠵᠢ ᠶᠢᠨ ᠠᠶᠤᠯ ᠦᠭᠡᠢ ᠪᠠᠶᠢᠬᠤ ᠶᠢ ᠪᠠᠲᠤᠯᠠᠵᠤ ᠂ | ᠬᠤᠬᠢᠷᠠᠭᠰᠠᠨ ᠲᠥᠬᠦᠭᠡᠷᠦᠮᠵᠢ ᠶᠢ ᠵᠠᠪᠳᠤᠨ ᠵᠠᠰᠠᠵᠤ ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ | ᠨᠡᠶᠢᠯᠡᠭᠦᠯᠦᠨ ᠠᠵᠢᠯᠯᠠᠭᠤᠯᠬᠤ ᠪᠡᠯᠡᠳᠬᠡᠯ ᠢ ᠰᠠᠶᠢᠲᠤᠷ ᠬᠢᠵᠦ ᠂ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ | ᠶᠣᠰᠣᠭᠠᠷ ᠠᠵᠢᠯᠯᠠᠭᠠᠨ ᠢ ᠰᠡᠷᠭᠦᠭᠡᠬᠦ ᠲᠥᠯᠥᠪᠯᠡᠭᠡ ᠶᠢ ᠲᠣᠭᠲᠠᠭᠠᠬᠤ ᠬᠡᠷᠡᠭᠲᠡᠢ ᠃ | 5.2 ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠶᠢᠨ ᠠᠷᠭᠠᠴᠠᠬᠤ ᠠᠷᠭ᠎ᠠ ᠬᠡᠮᠵᠢᠶ᠎ᠡ | ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠨᠢ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ | ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢ ᠥᠪᠡᠰᠦᠪᠡᠨ ᠪᠡᠯᠡᠳᠬᠡᠬᠦ ᠶᠢ ᠦᠳᠲᠡᠷ ᠲᠦᠷᠭᠡᠨ | ᠡᠬᠢᠯᠡᠭᠦᠯᠵᠦ᠂ ᠬᠦᠨᠳᠦ ᠶᠡᠭᠡ ᠠᠶᠤᠯ ᠤᠨ ᠡᠬᠢ ᠰᠤᠷᠪᠤᠯᠵᠢ᠂ ᠴᠢᠬᠤᠯᠠ ᠬᠠᠷᠠᠯᠲᠠ᠂ ᠴᠢᠬᠤᠯᠠ ᠶᠡᠭᠡ | ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ | ᠡᠭᠦᠰᠦᠮᠡᠯ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ | 5.3 ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠷᠭᠠᠴᠠᠬᠤ ᠠᠷᠭ᠎ᠠ ᠬᠡᠮᠵᠢᠶ᠎ᠡ | ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠠᠷᠭ᠎ᠠ ᠬᠡᠮᠵᠢᠶ᠎ᠡ ᠶᠢ ᠡᠬᠢᠯᠡᠨ ᠬᠡᠷᠡᠭᠯᠡᠵᠦ᠂ ᠰᠠᠭᠤᠭᠠᠯᠢ | ᠠᠷᠠᠳ ᠤᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ︔ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ | ᠪᠠᠶᠢᠭᠠᠳ ᠰᠢᠲᠠᠮᠠᠬᠠᠢ ᠬᠡᠢ ᠶᠢᠨ ᠬᠠᠩᠭᠠᠯᠭ᠎ᠠ ᠪᠠ ᠳᠤᠯᠠᠭᠠᠯᠠᠭ᠎ᠠ ᠶᠢᠨ ᠬᠤᠭᠤᠴᠠᠭᠠᠨ ᠳᠠᠬᠢ ᠰᠠᠭᠤᠭᠠᠯᠢ ᠠᠷᠠᠳ ᠤᠨ | ᠠᠮᠢᠳᠤᠷᠠᠯ ᠤᠨ ᠢᠯᠴᠢ ᠶᠢᠨ ᠬᠦᠴᠦᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠴᠢᠮ ᠪᠠᠶᠢᠳᠠᠯ ᠢ | ᠠᠷᠭᠠᠴᠠᠨ ᠦᠢᠯᠡᠳᠪᠦᠷᠢᠯᠡᠬᠦ ᠂ ᠲᠣᠬᠢᠷᠠᠭᠤᠯᠬᠤ ᠪᠠ ᠲᠡᠭᠡᠭᠡᠪᠦᠷᠢᠯᠡᠬᠦ ᠶᠢ ᠵᠣᠬᠢᠶᠠᠨ ᠪᠠᠶᠢᠭᠤᠯᠵᠤ ᠂ ᠴᠠᠬᠢᠯᠭᠠᠨ | ᠵᠣᠭᠰᠣᠭᠰᠠᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ ᠃ | 524 ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠷᠭᠠᠴᠠᠬᠤ ᠠᠷᠭ᠎ᠠ ᠬᠡᠮᠵᠢᠶ᠎ᠡ | ᠤᠯᠤᠰ ᠤᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ | ᠭᠤᠣᠯᠳᠠᠯᠭ᠎ᠠ ᠲᠠᠢ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠭᠦᠨ᠎ᠡ᠃ᠴᠠᠬᠢᠯᠭᠠᠨ | ᠵᠣᠭᠰᠣᠭᠰᠠᠨ ᠣᠷᠣᠨ ᠪᠦᠰᠡ ᠶᠢᠨ ᠳᠣᠲᠣᠷᠠᠬᠢ ᠬᠥᠭᠵᠢᠶᠡᠨ ᠨᠠᠷᠭᠢᠶᠠᠨ ᠲᠠᠢ ᠵᠡᠭᠡᠯᠢ ᠲᠣᠭᠤᠷᠢᠭ᠂ ᠲᠣᠮᠣ | ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠬᠤᠲᠠ ᠶᠢᠨ ᠵᠠᠮ ᠬᠠᠷᠢᠯᠴᠠᠭᠠᠨ ᠤ ᠲᠥᠬᠦᠭᠡᠷᠦᠮᠵᠢ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ | ᠵᠢᠴᠢ ᠪᠤᠰᠤᠳ ᠴᠢᠬᠤᠯᠠ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠣᠷᠣᠨ | ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠬᠥᠮᠥᠨ ᠣᠯᠠᠨ ᠴᠤᠭᠯᠠᠷᠠᠬᠤ ᠲᠠᠯᠠᠪᠤᠷ ᠢ ᠴᠢᠩᠭᠠᠳᠬᠠᠨ᠎ᠠ | 5 2 5 ᠣᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | ᠲᠣᠭᠤᠷᠢᠭ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ | ᠨᠡᠶᠢᠭᠡᠮ ᠤᠨ ᠣᠯᠠᠨ ᠨᠡᠶᠢᠲᠡ ᠳᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ | ᠣᠨᠣᠪᠴᠢᠲᠠᠶ᠂ ᠪᠤᠰᠤᠳᠴᠢ ᠢᠯᠡ ᠲᠣᠳᠣ ᠨᠡᠶᠢᠲᠡᠯᠡᠵᠦ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ | ᠴᠢᠩᠭᠠᠳᠬᠠᠨ᠂ ᠨᠡᠶᠢᠭᠡᠮ ᠤᠨ ᠣᠯᠠᠨ ᠨᠡᠶᠢᠲᠡ ᠳᠤ ᠡᠯ᠎ᠡ ᠲᠥᠷᠥᠯ ᠤᠨ ᠠᠮᠤᠷ ᠲᠦᠪᠰᠢᠨ ᠤ ᠵᠦᠢᠯᠡᠰ ᠪᠠ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠵᠦᠢᠯᠡᠰ ᠢ ᠠᠩᠬᠠᠷᠤᠭᠤᠯᠬᠤ ᠶᠢ ᠰᠠᠨᠠᠭᠤᠯᠬᠤ | ᠪᠠ ᠵᠢᠯᠣᠭᠤᠳᠤᠨ᠎ᠠ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠠᠷᠢᠭᠤ ᠲᠤᠰᠬᠠᠬᠤ | ᠠᠷᠭ᠎ᠠ ᠵᠠᠮ ᠢ ᠪᠠᠶᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠠᠷᠭᠠᠴᠠᠵᠤ᠂ | ᠦᠨᠡᠨ ᠪᠣᠳᠠᠲᠠᠢ ᠪᠤᠰᠤ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠢ᠃ | 5.2.6 ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠪᠠᠶᠢᠳᠠᠯ ᠢ ᠵᠠᠳᠠᠯᠤᠨ ᠦᠨᠡᠯᠡᠬᠦ ᠠᠷᠭ᠎ᠠ ᠬᠡᠮᠵᠢᠶ᠎ᠡ | ᠲᠣᠭᠤᠷᠢᠭ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠶᠡᠭᠡ | ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ᠂ | ᠬᠡᠷᠡᠭ ᠤᠨ ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ᠂ ᠬᠥᠭᠵᠢᠯᠲᠡ ᠶᠢᠨ ᠬᠠᠨᠳᠤᠰᠢ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠬᠢᠴᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠷᠢᠭᠤ | ᠲᠤᠰᠬᠠᠯ ᠵᠡᠷᠭᠡ ᠮᠡᠳᠡᠭᠡ ᠵᠠᠩᠭᠢ ᠶᠢ ᠦᠨᠳᠦᠰᠦᠯᠡᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ | ᠪᠠᠶᠢᠳᠠᠯ ᠢ ᠲᠣᠭᠲᠠᠭᠰᠠᠨ ᠴᠠᠭ ᠲᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ | 5.3 ᠣᠷᠣᠨ ᠤ ᠵᠠᠰᠠᠭ ᠤᠨ ᠣᠷᠳᠣᠨ ᠤ ᠳᠠᠪᠬᠤᠷᠭ᠎ᠠ ᠶᠢᠨ ᠠᠷᠭᠠᠴᠠᠬᠤ ᠠᠷᠭ᠎ᠠ ᠬᠡᠮᠵᠢᠶ᠎ᠡ | 5.3.1 ᠰᠠᠯᠠᠭ᠎ᠠ ᠮᠥᠴᠢᠷ ᠤᠨ ᠠᠷᠭᠠᠴᠠᠬᠤ ᠠᠷᠭ᠎ᠠ ᠬᠡᠮᠵᠢᠶ᠎ᠡ | ᠡᠩ ᠤᠨ ᠪᠤᠶᠤ ᠨᠡᠯᠢᠶᠡᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠢ ᠠᠩᠬ᠎ᠠ | ᠠᠯᠬᠤᠮ ᠮᠠᠭᠠᠳᠯᠠᠬᠤ ᠦᠶ᠎ᠡ ᠳᠤ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠡᠷᠡᠭ ᠤᠨ | ᠬᠥᠭᠵᠢᠯᠲᠡ ᠶᠢ ᠨᠢᠭᠲᠠ ᠮᠥᠷᠳᠡᠵᠦ᠂ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠴᠠᠬᠢᠯᠭᠠᠨ ᠬᠦᠴᠦᠨ ᠢ ᠵᠠᠪᠳᠤᠨ ᠵᠠᠰᠠᠵᠤ ᠰᠡᠷᠭᠦᠭᠡᠬᠦ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠵᠦ᠂ | ᠬᠡᠷᠡᠭ ᠭᠠᠷᠤᠭᠰᠠᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ | ᠠᠷᠭᠠᠴᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ︔ ᠪᠠᠶᠢᠳᠠᠯ ᠢ ᠨᠢ ᠦᠵᠡᠵᠦ ᠪᠠᠶᠢᠭᠠᠳ ᠰᠠᠯᠠᠭ᠎ᠠ ᠮᠥᠴᠢᠷ ᠤᠨ | ᠠᠵᠢᠯᠯᠠᠬᠤ ᠳᠤᠭᠤᠶᠢᠯᠠᠩ ᠢ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠵᠤ ᠬᠡᠷᠡᠭ ᠢ ᠠᠷᠭᠠᠴᠠᠬᠤ ᠵᠡᠷᠭᠡ | ᠠᠵᠢᠯ ᠢ ᠵᠢᠯᠣᠭᠤᠳᠤᠨ ᠵᠣᠬᠢᠴᠠᠭᠤᠯᠤᠨ᠎ᠠ ; ᠴᠠᠬᠢᠯᠭᠠᠨ ᠬᠦᠴᠦᠨ ᠤ ᠠᠵᠤ ᠠᠬᠤᠶᠢᠯᠠᠯ ᠪᠠ ᠬᠡᠷᠡᠭ ᠭᠠᠷᠤᠭᠰᠠᠨ | ᠭᠠᠵᠠᠷ ᠤᠨ ᠭᠤᠶᠤᠴᠢᠯᠠᠯ ᠢ ᠦᠨᠳᠦᠰᠦᠯᠡᠨ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ | ᠠᠷᠭᠠᠴᠠᠬᠤ ᠠᠵᠢᠯ ᠳᠤ ᠲᠤᠰᠠᠯᠠᠮᠵᠢ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ ; ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠠᠷᠭᠠᠴᠠᠬᠤ ᠠᠵᠢᠯ ᠢ ᠰᠠᠶᠢᠲᠤᠷ ᠵᠢᠯᠣᠭᠤᠳᠤᠨ᠎ᠠ᠃ | 5.3. 2 ᠲᠣᠭᠤᠷᠢᠭ ᠤᠨ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ ᠶᠢᠨ ᠠᠷᠭᠠᠴᠠᠬᠤ ᠠᠷᠭ᠎ᠠ | ᠬᠡᠮᠵᠢᠶ᠎ᠡ | ᠬᠦᠨᠳᠦ ᠶᠡᠭᠡ ᠪᠤᠶᠤ ᠣᠨᠴᠠᠭᠠᠶ ᠬᠦᠨᠳᠦ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠢ | ᠠᠩᠬ᠎ᠠ ᠠᠯᠬᠤᠮ ᠮᠠᠭᠠᠳᠯᠠᠬᠤ ᠦᠶ᠎ᠡ ᠳᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠨᠢᠭᠡᠴᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ | ᠵᠥᠪᠳᠡᠯᠴᠡᠵᠦ᠂ ᠬᠡᠷᠡᠭ ᠤᠨ ᠪᠠᠶᠢᠳᠠᠯ ᠢ ᠰᠤᠳᠤᠯᠤᠨ ᠵᠠᠳᠠᠯᠵᠤ᠂ ᠠᠷᠭᠠᠴᠠᠬᠤ ᠠᠵᠢᠯ ᠢ ᠪᠠᠶᠢᠷᠢᠯᠠᠭᠤᠯᠤᠨ᠎ᠠ︔ | ᠤᠯᠠᠭᠠᠨᠬᠠᠳᠠ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠬᠡᠷᠡᠭ ᠭᠠᠷᠤᠭᠰᠠᠨ ᠭᠠᠵᠠᠷ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠢ︔ ᠬᠡᠷᠡᠭ ᠶᠠᠪᠤᠳᠠᠯ ᠤᠨ ᠦᠨᠳᠦᠰᠦᠨ ᠪᠠᠶᠢᠳᠠᠯ ᠢ ᠣᠶᠢᠯᠠᠭᠠᠵᠤ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠭᠤᠶᠤᠴᠢᠯᠠᠯ ᠢ | ᠦᠨᠳᠦᠰᠦᠯᠡᠨ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢ ᠲᠣᠮᠢᠯᠠᠵᠤ ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠪᠠ ᠲᠣᠨᠣᠭᠯᠠᠯ ᠢ ᠰᠢᠯᠵᠢᠭᠦᠯᠵᠦ ᠂ ᠲᠤᠰᠬᠠᠢ | ᠮᠡᠷᠭᠡᠵᠢᠯᠲᠡᠨ ᠪᠠ ᠮᠡᠷᠭᠡᠵᠢᠯ ᠤᠨ ᠠᠵᠢᠯᠲᠠᠨ ᠵᠡᠷᠭᠡ ᠶᠢ ᠲᠣᠬᠢᠷᠠᠭᠤᠯᠵᠤ ᠂ ᠠᠷᠭᠠᠴᠠᠬᠤ ᠠᠵᠢᠯ ᠳᠤ ᠳᠡᠮᠵᠢᠯᠭᠡ ᠪᠠ | ᠮᠡᠷᠭᠡᠵᠢᠯ ᠤᠨ ᠳᠡᠮᠵᠢᠯᠭᠡ ᠬᠠᠩᠭᠠᠨ᠎ᠠ ; ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠬᠥᠲᠥᠯᠥᠨ | ᠵᠢᠯᠤᠭᠤᠳᠬᠤ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ᠎ᠠ ; ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ ᠡᠵᠡᠮᠰᠢᠬᠦ ᠬᠡᠷᠡᠭᠲᠡᠢ᠃ | 54 ᠳᠠᠭᠠᠬᠤ ᠶᠢ ᠳᠠᠭᠤᠰᠬᠠᠬᠤ | ᠡᠭᠦᠨ ᠤ ᠬᠠᠮᠲᠤ ᠳᠣᠣᠷᠠᠬᠢ ᠨᠥᠬᠦᠴᠡᠯ ᠢ ᠬᠠᠩᠭᠠᠭᠰᠠᠨ ᠦᠶ᠎ᠡ ᠳᠤ᠂ ᠳᠠᠭᠠᠬᠤ ᠶᠢ ᠡᠬᠢᠯᠡᠭᠦᠯᠦᠭᠰᠡᠨ ᠬᠡᠷᠡᠭ | ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠨ᠎ᠠ᠄ | ︵ 1 ︶ ᠴᠠᠬᠢᠯᠭᠠᠨ ᠲᠣᠣᠷ ᠤᠨ ᠭᠤᠣᠯ ᠲᠣᠣᠷ ᠤᠨ ᠵᠢᠶᠠᠰᠠ ᠦᠨᠳᠦᠰᠦᠨ ᠳᠡᠭᠡᠨ ᠬᠡᠪ ᠤᠨ ᠪᠠᠶᠢᠳᠠᠯ ᠳᠠᠭᠠᠨ | ᠣᠷᠣᠵᠤ ᠂ ᠴᠠᠬᠢᠯᠭᠠᠨ ᠲᠣᠣᠷ ᠤᠨ ᠠᠵᠢᠯᠯᠠᠭᠠᠨ ᠤ ᠪᠣᠯᠵᠣᠯᠲᠤ ᠲᠤᠭ᠎ᠠ ᠶᠢ ᠬᠢᠷᠢ ᠲᠡᠩᠴᠡᠭᠰᠡᠨ ᠬᠡᠪᠴᠢᠶᠡᠨ ᠳᠤ | ᠪᠠᠶᠢᠯᠭᠠᠵᠤ ᠂ ᠭᠤᠣᠯ ᠪᠣᠯᠬᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠢ | ᠲᠣᠭᠲᠠᠪᠤᠷᠢᠲᠠᠢ ᠪᠠᠶᠢᠯᠭᠠᠨ᠎ᠠ ; | ︵2︶ ᠬᠠᠩᠭᠠᠯᠭ᠎ᠠ ᠶᠢ ᠪᠠᠭᠠᠰᠬᠠᠬᠤ ᠳᠠᠭᠠᠭᠠᠴᠠ ᠶᠢ 80% ᠠᠴᠠ ᠳᠡᠭᠡᠭᠰᠢ ᠰᠡᠷᠭᠦᠭᠡᠵᠦ᠂ ᠴᠠᠬᠢᠯᠭᠠᠨ | ᠵᠣᠭᠰᠣᠬᠤ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠲᠠ ᠶᠢᠨ ᠳᠠᠭᠠᠭᠠᠴᠠ ᠶᠢ | 90% ᠠᠴᠠ ᠳᠡᠭᠡᠭᠰᠢ ᠰᠡᠷᠭᠦᠭᠡᠨ᠎ᠡ︔ | ︵ 3 ︶ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠳᠠᠯᠳᠠ ᠭᠡᠮ ᠢ ᠦᠨᠳᠦᠰᠦᠨ ᠳᠡᠭᠡᠨ | ᠠᠷᠢᠯᠭᠠᠬᠤ ; | ︵ 4 ︶ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠬᠦᠨᠳᠦ ᠶᠡᠭᠡ ᠣᠨᠴᠠ ᠶᠡᠭᠡ | ᠡᠭᠦᠰᠦᠮᠡᠯ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠃ | 6 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | 61 ᠰᠢᠢᠳᠪᠦᠷᠢᠯᠡᠯᠲᠡ ᠶᠢ ᠦᠨᠡᠯᠡᠨ ᠵᠢᠱᠢᠬᠦ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ | ᠬᠢᠬᠦ ᠶᠢ ᠳᠠᠭᠤᠰᠬᠠᠭᠰᠠᠨ ᠤ ᠳᠠᠷᠠᠭ᠎ᠠ᠂ ᠨᠥᠯᠥᠭᠡᠯᠡᠭᠳᠡᠭᠰᠡᠨ ᠣᠷᠣᠨ ᠪᠦᠰᠡ ᠶᠢᠨ ᠠᠷᠠᠳ ᠤᠨ ᠵᠠᠰᠠᠭ ᠤᠨ ᠣᠷᠳᠣᠨ | ᠨᠢ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠳᠤ ᠴᠠᠭ ᠲᠤᠬᠠᠢ ᠳᠤᠨᠢ ᠦᠨᠡᠯᠡᠨ ᠵᠢᠱᠢᠯᠲᠡ ᠬᠢᠬᠦ ᠶᠢ ᠵᠣᠬᠢᠶᠠᠨ | ᠪᠠᠶᠢᠭᠤᠯᠵᠤ᠂ ᠬᠤᠬᠢᠷᠠᠯ ᠵᠢᠴᠢ ᠨᠥᠯᠥᠭᠡ ᠶᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠤ᠂ ᠰᠢᠢᠳᠪᠦᠷᠢᠯᠡᠬᠦ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠬᠤ | ᠬᠡᠷᠡᠭᠲᠡᠢ᠃ | 62 ᠬᠡᠷᠡᠭ ᠤᠨ ᠪᠠᠶᠢᠴᠠᠭᠠᠯᠲᠠ | ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ | ᠳᠠᠭᠤᠰᠬᠠᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ | ᠲᠦᠷᠦᠭᠦᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠤᠨ ᠰᠢᠯᠲᠠᠭᠠᠨ᠂ ᠰᠢᠨᠵᠢ ᠴᠢᠨᠠᠷ᠂ ᠨᠥᠯᠥᠭᠡᠯᠡᠬᠦ | ᠬᠡᠪᠴᠢᠶ᠎ᠡ᠂ ᠠᠵᠤ ᠠᠬᠤᠢ ᠶᠢᠨ ᠬᠤᠬᠢᠷᠠᠯ ᠵᠡᠷᠭᠡ ᠪᠠᠶᠢᠳᠠᠯ ᠢ ᠪᠠᠶᠢᠴᠠᠭᠠᠨ ᠲᠣᠳᠣᠯᠠᠵᠤ᠂ ᠰᠢᠢᠳᠪᠦᠷᠢᠯᠡᠵᠦ | ᠰᠢᠢᠳᠪᠦᠷᠢᠯᠡᠭᠰᠡᠨ ᠦᠷ᠎ᠡ ᠳ᠋ᠦᠩ ᠢᠶᠠᠨ ᠳᠤᠷᠠᠳᠬᠤ ᠬᠡᠷᠡᠭᠲᠡᠢ᠃ | 63 ᠬᠤᠶᠢᠲᠤᠬᠢ ᠶᠠᠪᠤᠳᠠᠯ ᠢ ᠰᠢᠢᠳᠪᠦᠷᠢᠯᠡᠬᠦ | ᠨᠥᠯᠥᠭᠡᠯᠡᠭᠳᠡᠭᠰᠡᠨ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠤᠨ ᠲᠥᠰᠥᠯ ᠢ ᠴᠠᠭ | ᠲᠤᠬᠠᠢ ᠳᠤᠨᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ | ᠳᠠᠭᠠᠳᠬᠠᠯ ᠤᠨ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠲᠥᠯᠥᠪᠦᠷᠢ ᠶᠢᠨ ᠠᠵᠢᠯ ᠢ ᠴᠠᠭ ᠲᠤᠬᠠᠢ ᠳᠤᠨᠢ | ᠥᠷᠨᠢᠭᠦᠯᠵᠦ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠨᠥᠯᠥᠭᠡ ᠶᠢ ᠳᠠᠷᠤᠶᠢᠬᠠᠨ ᠠᠷᠢᠯᠭᠠᠬᠤ | ᠬᠡᠷᠡᠭᠲᠡᠢ᠃ | 64 ᠰᠡᠷᠭᠦᠭᠡᠨ ᠲᠠᠬᠢᠨ ᠪᠠᠶᠢᠭᠤᠯᠬᠤ | ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ | ᠵᠣᠭᠰᠣᠭᠠᠭᠰᠠᠨ ᠤ ᠲᠠᠷᠠᠭ᠎ᠠ ᠂ ᠴᠠᠬᠢᠯᠭᠠᠨ ᠤ ᠲᠣᠣᠷ ᠤᠨ ᠲᠣᠣᠷ ᠤᠨ ᠵᠢᠶᠠᠰᠠ ᠶᠢᠨ ᠪᠦᠲᠦᠴᠡ ᠪᠣᠯᠣᠨ | ᠲᠥᠬᠦᠭᠡᠷᠦᠮᠵᠢ ᠪᠡᠯᠡᠳᠬᠡᠮᠵᠢ ᠶᠢ ᠰᠡᠯᠪᠢᠨ ᠵᠠᠰᠠᠬᠤ ᠪᠤᠶᠤ ᠲᠡᠬᠢᠨ ᠪᠠᠶᠢᠭᠤᠯᠬᠤ ᠴᠢᠬᠤᠯᠠ ᠲᠠᠢ ᠪᠣᠯ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠰᠡᠷᠭᠦᠭᠡᠨ ᠲᠡᠬᠢᠨ ᠪᠠᠶᠢᠭᠤᠯᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠢ ᠃ ᠴᠠᠬᠢᠯᠭᠠᠨ ᠬᠦᠴᠦᠨ ᠤ ᠴᠢᠬᠤᠯᠠ | ᠬᠡᠷᠡᠭᠯᠡᠭᠴᠢ ᠬᠤᠬᠢᠷᠠᠯ ᠳᠤ ᠤᠴᠠᠷᠠᠭᠰᠠᠨ ᠪᠣᠯ ᠠᠶᠤᠯ ᠦᠭᠡᠢ ᠶᠢ ᠦᠨᠡᠨᠬᠦ ᠪᠠᠲᠤᠯᠠᠭᠰᠠᠨ ᠤᠷᠢᠲᠠᠯ ᠤᠨ ᠳᠣᠣᠷ᠎ᠠ ᠂ | ᠦᠢᠯᠡᠳᠪᠦᠷᠢᠯᠡᠯ ᠤᠨ ᠪᠡᠯᠡᠳᠬᠡᠮᠵᠢ ᠪᠠᠨ ᠰᠡᠷᠭᠦᠭᠡᠵᠦ ᠲᠠᠬᠢᠨ ᠪᠦᠲᠦᠭᠡᠨ ᠪᠠᠶᠢᠭᠤᠯᠬᠤ ᠬᠡᠷᠡᠭᠲᠡᠢ ᠃ | 7 ᠪᠠᠲᠤᠯᠠᠭ᠎ᠠ ᠶᠢᠨ ᠠᠷᠭ᠎ᠠ ᠬᠡᠮᠵᠢᠶ᠎ᠡ | 71 ᠡᠩᠨᠡᠭᠡᠨ ᠤ ᠪᠠᠲᠤᠯᠠᠭ᠎ᠠ | ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠬᠦᠴᠦᠨ ᠤ ᠵᠠᠪᠳᠤᠨ ᠵᠠᠰᠠᠬᠤ ᠪᠠᠴᠢᠮ ᠪᠠᠶᠢᠳᠠᠯ ᠢ | ᠠᠷᠭᠠᠴᠠᠬᠤ ᠲᠤᠰᠬᠠᠢ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠲᠥᠬᠦᠭᠡᠷᠦᠮᠵᠢ ᠶᠢ ᠬᠠᠮᠠᠭᠠᠯᠠᠬᠤ ᠪᠠ ᠪᠠᠴᠢᠮ | ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠮᠡᠷᠭᠡᠵᠢᠯ ᠴᠢᠳᠠᠪᠤᠷᠢ ᠶᠢᠨ ᠲᠠᠯ᠎ᠠ ᠶᠢᠨ ᠠᠵᠢᠯᠲᠠᠨ ᠤ ᠪᠣᠯᠪᠠᠰᠤᠷᠠᠭᠤᠯᠤᠯ ᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠤᠭᠤᠳ ᠬᠡᠷᠡᠭᠴᠡᠭᠡ ᠪᠠᠨ ᠦᠨᠳᠦᠰᠦᠯᠡᠨ᠂ ᠪᠤᠰᠤᠳ ᠲᠤᠰᠬᠠᠢ ᠮᠡᠷᠭᠡᠵᠢᠯ ᠤᠨ | ᠪᠠᠴᠢᠮ ᠪᠠᠶᠢᠳᠠᠯ ᠶᠢ ᠠᠷᠭᠠᠴᠠᠬᠤ ᠡᠩᠨᠡᠭᠡ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠵᠡᠷᠭᠡ ᠶᠢ ᠵᠣᠬᠢᠶᠠᠨ | ᠪᠠᠶᠢᠭᠤᠯᠤᠨ ᠲᠠᠶᠢᠴᠢᠯᠠᠵᠦ ᠪᠠᠶᠢᠭᠠᠳ ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠵᠢᠴᠢ ᠡᠭᠦᠰᠦᠮᠡᠯ | ᠭᠠᠮᠰᠢᠭ ᠢ ᠰᠢᠢᠳᠪᠦᠷᠢᠯᠡᠬᠦ ᠠᠵᠢᠯ ᠳᠤ ᠣᠷᠣᠯᠴᠠᠭᠤᠯᠬᠤ ᠬᠡᠷᠡᠭᠲᠡᠢ ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠳᠡᠮᠵᠢᠯᠭᠡ ᠶᠢᠨ ᠪᠠᠲᠤᠯᠠᠭ᠎ᠠ ᠶᠢ ᠰᠠᠶᠢᠲᠤᠷ ᠬᠢᠬᠦ | ᠬᠡᠷᠡᠭᠲᠡᠢ᠃ | 72 ᠵᠡᠪᠰᠡᠭ ᠲᠣᠨᠣᠭᠯᠠᠯ ᠤᠨ ᠡᠳ᠋ ᠪᠣᠳᠠᠰ ᠤᠨ ᠪᠠᠲᠤᠯᠠᠭ᠎ᠠ | ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠲᠤᠰᠬᠠᠢ | ᠲᠣᠨᠣᠭᠯᠠᠯ ᠵᠢᠴᠢ ᠡᠳ᠋ ᠪᠣᠳᠠᠰ ᠢ ᠨᠥᠭᠡᠴᠡᠯᠡᠵᠦ ᠂ ᠵᠣᠬᠢᠴᠠᠩᠭᠤᠢ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠡᠳ᠋ ᠪᠠᠷᠠᠭ᠎ᠠ ᠵᠢᠴᠢ ᠦᠢᠯᠡᠳᠪᠦᠷᠢᠯᠡᠯ ᠠᠮᠢᠳᠤᠷᠠᠯ ᠤᠨ ᠡᠳ᠋ | ᠪᠠᠷᠠᠭ᠎ᠠ ᠶᠢ ᠪᠠᠴᠢᠮ ᠦᠢᠯᠡᠳᠪᠦᠷᠢᠯᠡᠬᠦ᠂ ᠨᠥᠭᠡᠴᠡᠯᠡᠵᠦ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ | ᠠᠵᠢᠯ ᠢ ᠴᠢᠩᠭᠠᠳᠬᠠᠵᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠲᠤᠰᠠᠯᠠᠬᠤ ᠠᠵᠢᠯ ᠤᠨ | ᠬᠡᠷᠡᠭᠴᠡᠭᠡ ᠶᠢ ᠪᠠᠲᠤᠯᠠᠬᠤ ᠬᠡᠷᠡᠭᠲᠡᠢ᠃ | 73 ᠮᠡᠳᠡᠭᠡ ᠬᠤᠯᠪᠣᠭ᠎ᠠ ᠂ ᠵᠠᠮ ᠬᠠᠷᠢᠯᠴᠠᠭ᠎ᠠ ᠬᠢᠭᠡᠳ ᠲᠡᠭᠡᠭᠡᠪᠦᠷᠢ ᠶᠢᠨ ᠪᠠᠲᠤᠯᠠᠭ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠴᠢᠮᠡᠭᠡ ᠬᠤᠯᠪᠣᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠰᠲ᠋ᠧᠮ ᠶᠢ ᠪᠠᠶᠢᠭᠤᠯᠤᠨ ᠪᠦᠷᠢᠨᠰᠢᠭᠦᠯᠵᠦ ᠂ ᠨᠠᠶᠢᠳᠠᠪᠤᠷᠢᠲᠠᠢ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠪᠤᠢ ᠪᠣᠯᠭᠠᠨ ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠤ | ᠴᠢᠮᠡᠭᠡ ᠬᠤᠯᠪᠣᠭ᠎ᠠ ᠬᠠᠷᠢᠯᠴᠠᠬᠤ ᠪᠠ ᠮᠡᠳᠡᠭᠡ ᠵᠠᠩᠭᠢ ᠳᠠᠮᠵᠢᠭᠤᠯᠬᠤ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠪᠠᠴᠢᠮ ᠲᠡᠭᠡᠭᠡᠪᠦᠷᠢ ᠶᠢᠨ ᠪᠠᠲᠤᠯᠠᠭ᠎ᠠ ᠶᠢᠨ | ᠰᠢᠰᠲ᠋ᠧᠮ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠬᠥᠮᠥᠰ᠂ ᠡᠳ᠋ ᠪᠣᠳᠠᠰ᠂ ᠲᠣᠨᠤᠭ | ᠲᠥᠬᠦᠭᠡᠷᠦᠮᠵᠢ᠂ ᠪᠠᠭᠠᠵᠢ ᠬᠡᠷᠡᠭᠰᠡᠯ ᠵᠡᠷᠭᠡ ᠶᠢᠨ ᠲᠡᠭᠡᠭᠡᠪᠦᠷᠢ ᠶᠢ ᠪᠠᠲᠤᠯᠠᠬᠤ ᠬᠡᠷᠡᠭᠲᠡᠢ︔ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠡᠷᠭᠡ ᠬᠥᠰᠬᠡ ᠶᠢᠨ ᠤᠷᠢᠳᠠᠪᠠᠷ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠨᠢ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠬᠤ ᠲᠡᠷᠭᠡ | ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠡᠷᠡᠭᠴᠡᠭᠡ ᠶᠢ ᠪᠠᠲᠤᠯᠠᠬᠤ ᠬᠡᠷᠡᠭᠲᠡᠢ᠃ | 74 ᠮᠡᠷᠭᠡᠵᠢᠯ ᠤᠨ ᠪᠠᠲᠤᠯᠠᠭ᠎ᠠ | ᠴᠠᠬᠢᠯᠭᠠᠨ ᠬᠦᠴᠦᠨ ᠤ ᠠᠵᠢᠯ ᠲᠥᠷᠥᠯ ᠤᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ | ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠡᠷᠢᠭᠦᠨ ᠤ ᠪᠣᠯᠪᠠᠰᠤᠷᠠᠩᠭᠤᠢ ᠪᠣᠯᠤᠭᠰᠠᠨ | ᠮᠡᠷᠭᠡᠵᠢᠯ ᠲᠣᠨᠤᠭ ᠲᠥᠬᠦᠭᠡᠷᠦᠮᠵᠢ ᠶᠢ ᠬᠡᠷᠡᠭᠯᠡᠨ᠂ ᠴᠠᠬᠢᠯᠭᠠᠨ ᠲᠣᠣᠷ᠂ ᠴᠠᠬᠢᠯᠭᠠᠨ ᠤ ᠦᠢᠯᠡᠳᠪᠦᠷᠢ ᠶᠢᠨ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ | ᠭᠤᠣᠯᠳᠠᠯᠭ᠎ᠠ ᠲᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠬᠢᠯᠭᠠᠨ ᠬᠦᠴᠦᠨ ᠤ ᠡᠳᠦᠷ ᠲᠤᠲᠤᠮ ᠤᠨ ᠬᠢᠨᠠᠨ | ᠬᠡᠮᠵᠢᠵᠦ ᠰᠡᠷᠡᠮᠵᠢᠯᠡᠭᠦᠯᠬᠦ ᠵᠢᠴᠢ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠬᠤ ᠳᠤ ᠴᠢᠬᠤᠯᠠ ᠪᠦᠬᠦᠢ ᠴᠠᠭ ᠠᠭᠤᠷ᠂ ᠭᠠᠵᠠᠷ ᠰᠢᠨᠵᠢᠯᠡᠭᠡ᠂ ᠤᠰᠤᠨ ᠵᠦᠢ ᠵᠡᠷᠭᠡ ᠶᠢᠨ ᠦᠢᠯᠡᠴᠢᠯᠡᠭᠡ | ᠬᠠᠩᠭᠠᠬᠤ ᠬᠡᠷᠡᠭᠲᠡᠢ᠃ | 7.5 ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢᠨ ᠪᠠᠲᠤᠯᠠᠭ᠎ᠠ | ᠴᠠᠬᠢᠯᠭᠠᠨ ᠬᠦᠴᠦᠨ ᠤ ᠰᠢᠰᠲ᠋ᠧᠮ ᠤᠨ ᠲᠦᠷᠭᠡᠨ ᠰᠡᠷᠭᠦᠬᠦ ᠴᠢᠳᠠᠪᠤᠷᠢ ᠶᠢ ᠳᠡᠭᠡᠭᠰᠢᠯᠡᠭᠦᠯᠵᠦ ᠂ ᠴᠠᠬᠢᠯᠭᠠᠨ | ᠲᠣᠣᠷ ᠤᠨ ︽ ᠬᠠᠷ᠎ᠠ ᠠᠵᠢᠯᠯᠠᠭ᠎ᠠ ᠶᠢ ᠡᠬᠢᠯᠡᠭᠦᠯᠬᠦ ︾ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ | ᠡᠭᠦᠰᠬᠡᠭᠴᠢ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠭᠦᠢᠴᠡᠳ ᠪᠣᠳᠣᠯᠬᠢᠯᠠᠵᠤ᠂ ᠡᠯ᠎ᠡ ᠭᠠᠵᠠᠷ | ᠣᠷᠣᠨ ᠤ ᠴᠠᠬᠢᠯᠭᠠᠨ ᠡᠭᠦᠰᠬᠡᠭᠴᠢ ᠶᠢ ︽ᠬᠠᠷ᠎ᠠ ᠠᠷᠭ᠎ᠠ ᠪᠠᠷ ᠡᠬᠢᠯᠡᠭᠦᠯᠬᠦ︾ ᠶᠢ ᠪᠠᠲᠤᠯᠠᠬᠤ ᠬᠡᠷᠡᠭᠲᠡᠢ᠃ ᠴᠠᠬᠢᠯᠭᠠᠨ | ᠬᠦᠴᠦᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠭᠠᠷᠭᠠᠬᠤ ᠵᠣᠬᠢᠬᠤ ᠬᠡᠮᠵᠢᠶᠡᠨ ᠤ | ᠲᠣᠨᠣᠭᠯᠠᠯ ᠢ ᠲᠣᠬᠢᠷᠠᠭᠤᠯᠵᠤ ᠂ ᠴᠢᠬᠤᠯᠠ ᠲᠠᠢ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ | ᠡᠭᠦᠰᠬᠡᠭᠴᠢ ᠶᠢᠨ ᠲᠤᠰᠠᠯᠠᠮᠵᠢ ᠬᠠᠩᠭᠠᠬᠤ ᠬᠡᠷᠡᠭᠲᠡᠢ ᠃ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠤᠯᠤᠰ ᠤᠨ | ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ | ᠡᠭᠦᠰᠬᠡᠭᠴᠢ ᠲᠣᠬᠢᠷᠠᠭᠤᠯᠬᠤ ᠶᠢᠨ ᠬᠠᠮᠲᠤ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠨ ᠂ ᠪᠠᠴᠢᠮ | ᠪᠠᠶᠢᠳᠠᠯ ᠢ ᠠᠷᠭᠠᠴᠠᠬᠤ ᠪᠠᠶᠢᠳᠠᠯ ᠵᠢᠨᠲ᠋ᠣᠣᠷᠠ ᠠᠰᠢᠭᠯᠠᠯᠲᠠ ᠳᠤ ᠣᠷᠣᠭᠤᠯᠵᠤ ᠳᠡᠶᠢᠯᠬᠦ ᠶᠢ ᠦᠨᠡᠨᠬᠦ ᠪᠠᠲᠤᠯᠠᠬᠤ | ᠬᠡᠷᠡᠭᠲᠡᠢ ᠃ | 76 ᠪᠡᠯᠡ ᠮᠥᠩᠭᠦᠨ ᠤ ᠪᠠᠲᠤᠯᠠᠭ᠎ᠠ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ | ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠢᠳᠪᠦᠷᠢᠯᠡᠬᠦ ᠠᠵᠢᠯ ᠳᠤ ᠴᠢᠬᠤᠯᠠ ᠪᠦᠬᠦᠢ ᠪᠡᠯᠡ | ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | 7 7 ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ | ︵1︶ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠭᠡ ᠬᠡᠪᠴᠢᠶ᠎ᠡ ᠪᠠᠷ ᠴᠠᠬᠢᠯᠭᠠᠨ | ᠵᠣᠭᠰᠣᠭᠰᠠᠨ ᠬᠡᠷᠡᠭ ᠤᠨ ᠬᠠᠮᠢᠶ᠎ᠠ ᠪᠦᠬᠦᠢ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠶᠡᠭᠡ | ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠪᠠᠶᠢᠳᠠᠯ ᠳᠣᠣᠷ᠎ᠠ ᠣᠯᠠᠨ ᠨᠡᠶᠢᠲᠡ ᠶᠢᠨ ᠥᠪᠡᠷ ᠢ ᠪᠠᠨ ᠠᠪᠤᠷᠠᠬᠤ᠂ | ᠬᠠᠷᠢᠯᠴᠠᠨ ᠠᠪᠤᠷᠠᠬᠤ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠵᠤ᠂ ᠨᠡᠶᠢᠭᠡᠮ ᠳᠠᠶᠠᠭᠠᠷ ᠤᠨ ᠶᠡᠭᠡ ᠬᠡᠪᠴᠢᠶ᠎ᠡ ᠪᠠᠷ | ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ | ︵2︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠨᠢᠭᠡᠴᠢ ᠨᠦᠭᠦᠳ ᠲᠤᠰ | ᠭᠠᠵᠠᠷ ᠣᠷᠣᠨ ᠂ ᠲᠤᠰ ᠨᠢᠭᠡᠴᠢ ᠶᠢᠨ ᠢᠶᠠᠨ ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ | ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠬᠡᠷᠡᠭᠲᠡᠢ ᠃ ᠡᠯ᠎ᠡ ᠴᠠᠬᠢᠯᠭᠠᠨ ᠬᠦᠴᠦᠨ ᠤ | ᠠᠵᠤ ᠠᠬᠤᠶᠢᠯᠠᠯ ᠪᠠ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠲᠤᠰ ᠠᠵᠤ ᠠᠬᠤᠶᠢᠯᠠᠯ ᠂ ᠲᠤᠰ | ᠨᠢᠭᠡᠴᠢ ᠶᠢᠨ ᠢᠶᠠᠨ ᠠᠵᠢᠯᠯᠠᠵᠤ ᠪᠠᠶᠢᠭ᠎ᠠ ᠬᠥᠮᠥᠰ ᠤᠨ ᠠᠶᠤᠯᠭᠦᠢ ᠶᠢᠨ ᠮᠡᠳᠡᠯᠭᠡ ᠂ ᠠᠶᠤᠯᠭᠦᠢ ᠶᠢᠨ ᠤᠷ᠎ᠠ ᠴᠢᠳᠠᠪᠤᠷᠢ ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠪᠣᠯᠪᠠᠰᠤᠷᠠᠭᠤᠯᠤᠯ ᠢ ᠬᠠᠷᠢᠭᠤᠴᠠᠨ ᠵᠣᠬᠢᠶᠠᠨ | ᠪᠠᠶᠢᠭᠤᠯᠵᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ ; | ︵3︶ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠥᠬᠦ ᠲᠣᠭᠤᠷᠢᠭ ᠤᠨ | ᠶᠡᠷᠦᠩᠬᠡᠶᠢᠯᠡᠭᠰᠡᠨ ᠴᠢᠨᠠᠷᠲᠠᠢ ᠪᠤᠶᠤ ᠲᠤᠰᠬᠠᠢ ᠮᠡᠷᠭᠡᠵᠢᠯ ᠤᠨ ᠴᠢᠨᠠᠷᠲᠠᠢ ᠥᠷᠭᠡᠨ ᠬᠡᠪᠴᠢᠶᠡᠨ ᠳᠤ ᠴᠠᠬᠢᠯᠭᠠᠨ | ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ᠴᠠᠬᠢᠯᠭᠠᠨ | ᠬᠦᠴᠦᠨ ᠤ ᠠᠵᠤ ᠠᠬᠤᠶᠢᠯᠠᠯ ᠪᠣᠯᠣᠨ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠲᠣᠭᠲᠠᠮᠠᠯ | ᠬᠤᠭᠤᠴᠠᠭ᠎ᠠ ᠲᠠᠢ ᠪᠠᠷ ᠲᠤᠰ ᠠᠵᠤ ᠠᠬᠤᠶᠢᠯᠠᠯ ᠂ ᠲᠤᠰ ᠨᠢᠭᠡᠴᠢ ᠶᠢᠨ ᠢᠶᠠᠨ ᠲᠤᠰᠬᠠᠢ ᠠᠵᠢᠯ ᠤᠨ ᠴᠢᠨᠠᠷᠲᠠᠢ | ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ ᠃ | ᠳᠠᠭᠠᠯᠳᠤᠭᠤᠯᠤᠯ᠄ | 1. ᠶᠤᠸᠠᠨ ᠪᠦᠦ ᠱᠠᠨ ᠲᠣᠭᠤᠷᠢᠭ ᠤᠨ ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠲᠠᠰ | ᠬᠤᠪᠢᠶᠠᠬᠤ ᠪᠠᠷᠢᠮᠵᠢᠶ᠎ᠠ | 2. ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ | ᠳᠠᠭᠠᠯᠳᠤᠭᠤᠯᠤᠯ 1 | ᠶᠤᠸᠠᠨ ᠪᠦᠦ ᠱᠠᠨ ᠲᠣᠭᠤᠷᠢᠭ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠳᠡᠰ | ᠬᠤᠪᠢᠶᠠᠬᠤ ᠪᠠᠷᠢᠮᠵᠢᠶ᠎ᠠ | ᠨᠢᠭᠡ ᠂ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ | 600 ᠰᠠᠶ᠎ᠠ ᠸᠠᠲ ᠠᠴᠠ ᠳᠡᠭᠡᠭᠰᠢᠬᠢ ᠳᠠᠭᠠᠭᠠᠴᠠ ᠶᠢ 60% ᠠᠴᠠ ᠳᠡᠭᠡᠭᠰᠢ ᠪᠠᠭᠠᠰᠬᠠᠨ᠎ᠠ᠃ | ᠬᠤᠶᠠᠷ ᠂ ᠨᠡᠯᠢᠶᠡᠳ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ | 150 ᠰᠠᠶ᠎ᠠ ᠸᠠᠲ ᠠᠴᠠ ᠳᠡᠭᠡᠭᠰᠢᠬᠢ ᠠᠴᠢᠶ᠎ᠠ ᠶᠢ ᠨᠢ 60% ᠠᠴᠠ ᠳᠡᠭᠡᠭᠰᠢ ᠪᠠᠭᠠᠰᠬᠠᠬᠤ ᠪᠤᠶᠤ | 70% ᠠᠴᠠ ᠳᠡᠭᠡᠭᠰᠢᠬᠢ ᠴᠠᠬᠢᠯᠭᠠᠨ ᠬᠠᠩᠭᠠᠬᠤ ᠬᠡᠷᠡᠭᠯᠡᠭᠴᠢ ᠶᠢᠨ ᠴᠠᠬᠢᠯᠭᠠᠨ ᠵᠣᠭᠰᠣᠭᠠᠨ᠎ᠠ ᠃ | ᠭᠤᠷᠪᠠ ᠂ ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ | 150 ᠰᠠᠶ᠎ᠠ ᠸᠠᠲ ᠠᠴᠠ ᠳᠡᠭᠡᠭᠰᠢᠬᠢ ᠠᠴᠢᠶ᠎ᠠ ᠶᠢ ᠪᠠᠭᠠᠰᠬᠠᠪᠠᠯ 40% ᠠᠴᠠ ᠳᠡᠭᠡᠭᠰᠢ 60% ᠠᠴᠠ | ᠳᠣᠷᠣᠭᠰᠢ᠂ ᠡᠰᠡᠬᠦᠯ᠎ᠡ 50% ᠠᠴᠠ ᠳᠡᠭᠡᠭᠰᠢ 70% ᠠᠴᠠ ᠳᠣᠷᠣᠭᠰᠢᠬᠢ ᠴᠠᠬᠢᠯᠭᠠᠨ ᠬᠠᠩᠭᠠᠬᠤ | ᠬᠡᠷᠡᠭᠯᠡᠭᠴᠢᠳ ᠲᠤ ᠴᠠᠬᠢᠯᠭᠠᠨ ᠵᠣᠭᠰᠣᠭᠠᠨ᠎ᠠ︔ ᠳᠠᠭᠠᠭᠠᠴᠠ ᠨᠢ 150 ᠰᠠᠶ᠎ᠠ ᠸᠠᠲ ᠠᠴᠠ ᠳᠣᠷᠣᠭᠰᠢ ᠪᠠᠶᠢᠪᠠᠯ᠂ | ᠬᠠᠩᠭᠠᠯᠭ᠎ᠠ ᠶᠢᠨ ᠳᠠᠭᠠᠭᠠᠴᠠ ᠨᠢ 40% ᠠᠴᠠ ᠳᠡᠭᠡᠭᠰᠢ ᠪᠤᠶᠤ 50% ᠠᠴᠠ ᠳᠡᠭᠡᠭᠰᠢᠬᠢ ᠴᠠᠬᠢᠯᠭᠠᠨ ᠬᠠᠩᠭᠠᠬᠤ | ᠬᠡᠷᠡᠭᠯᠡᠭᠴᠢ ᠶᠢᠨ ᠴᠠᠬᠢᠯᠭᠠᠨ ᠵᠣᠭᠰᠣᠬᠤ ᠶᠢ ᠪᠠᠭᠠᠰᠬᠠᠬᠤ ᠬᠡᠷᠡᠭᠲᠡᠢ᠃ | ᠳᠡᠭᠡᠷ᠎ᠡ ᠳᠤᠷᠠᠳᠤᠭᠰᠠᠨ ᠲᠡᠰ ᠬᠤᠪᠢᠶᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢᠨ | ᠲᠣᠭᠠᠴᠢᠯᠲᠠ ᠳᠤ ︽ ᠳᠡᠭᠡᠭᠰᠢ ︾ ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ ᠂ ︽ ᠳᠣᠷᠣᠭᠰᠢ ︾ ᠭᠡᠳᠡᠭ ᠲᠤ ᠤᠤᠯ | ᠲᠤᠭ᠎ᠠ ᠶᠢ ᠪᠠᠭᠲᠠᠭᠠᠬᠤ ᠦᠭᠡᠢ ᠃ | ᠳᠠᠭᠠᠯᠳᠤᠭᠤᠯᠤᠯ 2 | ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ᠂ ᠪᠦᠷᠢᠯᠳᠦᠭᠦᠨ ᠬᠥᠮᠥᠰ ᠵᠢᠴᠢ ᠠᠵᠢᠯ ᠤᠨ ᠡᠭᠦᠷᠭᠡ | ᠬᠠᠷᠢᠭᠤᠴᠠᠯᠭ᠎ᠠ | ᠨᠢᠭᠡ ᠂ ᠵᠢᠯᠤᠭᠤᠳᠬᠤ ᠭᠠᠵᠠᠷ ᠤᠨ ᠪᠦᠷᠢᠯᠳᠦᠭᠦᠨ | ᠵᠢᠯᠤᠭᠤᠳᠬᠤ ᠳᠠᠷᠤᠭ᠎ᠠ᠄ ᠴᠢᠨ ᠶᠠᠨ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠵᠢᠯᠤᠭᠤᠳᠬᠤ ᠳᠠᠷᠤᠭ᠎ᠠ᠄ ᠮᠠ ᠶᠦᠩ ᠼᠦᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠿᠧᠨ ᠲᠢᠶᠠᠨ ᠵᠥᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠠᠩ ᠴᠢᠩ ᠯᠢ ᠤᠯᠤᠰ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠠᠩᠭᠠᠬᠤ | ᠺᠣᠮᠫᠠᠨᠢ ᠶᠢᠨ ᠶᠡᠷᠦᠩᠬᠡᠢ ᠳᠠᠭᠠᠭᠠᠮᠠᠯ | ᠪᠦᠷᠢᠯᠳᠦᠭᠦᠨ᠄ ᠲᠤᠭᠤᠷᠢᠭ ᠤᠨᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠣᠪᠴᠢᠶ᠎ᠠ ᠂ ᠠᠵᠤ ᠦᠢᠯᠡᠳᠪᠥᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠠᠷᠠᠳ ᠤᠨ | ᠶᠠᠪᠤᠳᠠᠯ ᠤᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠤᠰᠤᠨ ᠠᠰᠢᠭᠯᠠᠯᠲᠠ ᠶᠢᠨ | ᠲᠣᠪᠴᠢᠶ᠎ᠠ ᠂ ᠬᠤᠳᠠᠯᠳᠤᠭᠠᠨ ᠤ ᠶᠠᠪᠤᠳᠠᠯ ᠤᠨᠲ᠋ᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ | ᠲᠣᠪᠴᠢᠶ᠎ᠠ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠂ ᠴᠠᠭ ᠠᠭᠤᠷ ᠤᠨ ᠬᠤᠪᠢᠶᠠᠷᠢ ᠲᠣᠪᠴᠢᠶ᠎ᠠ ᠂ | ᠤᠯᠤᠰ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ ᠂ ᠶᠤᠸᠠᠨ | ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ | ᠬᠤᠪᠢᠳᠠᠨ ᠬᠠᠮᠢᠶᠠᠷᠬᠤ ᠪᠦᠬᠦᠢ ᠬᠠᠷᠢᠭᠤᠴᠠᠯᠭᠠᠲᠠᠨ ᠨᠥᠬᠦᠳ ᠃ ᠠᠷᠭᠠᠴᠠᠨ ᠰᠢᠢᠳᠪᠦᠷᠢᠯᠡᠬᠦ ᠠᠵᠢᠯ ᠤᠨ | ᠬᠡᠷᠡᠭᠴᠡᠭᠡ ᠶᠢ ᠦᠨᠳᠦᠰᠦᠯᠡᠨ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠴᠠᠬᠢᠯᠭᠠᠨ | ᠬᠦᠴᠦᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠢ ᠨᠡᠮᠡᠵᠦ ᠪᠣᠯᠣᠨ᠎ᠠ᠃ | ᠵᠢᠯᠤᠭᠤᠳᠬᠤ ᠭᠠᠵᠠᠷ ᠤᠨ ᠠᠯᠪᠠᠨ ᠭᠡᠷ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ | ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠿᠧᠨ ᠲᠢᠶᠠᠨ ᠵᠥᠩ ᠬᠠᠪᠰᠤᠷᠭᠠᠨ ᠬᠠᠷᠢᠭᠤᠴᠠᠵᠤ᠂ ᠠᠯᠪᠠᠨ | ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠳᠡᠳ᠋ ᠡᠷᠬᠢᠯᠡᠭᠴᠢ ᠬᠤᠸᠠᠩ ᠵᠢᠶᠠᠨ ᠵᠢᠶᠦ᠋ᠨ ᠬᠠᠪᠰᠤᠷᠭᠠᠨ ᠬᠠᠷᠢᠭᠤᠴᠠᠨ᠎ᠠ᠃ ᠬᠤᠸᠠᠩ ᠵᠢᠶᠠᠨ ᠵᠢᠶᠦ᠋ᠨ ᠨᠥᠬᠦᠷ | ᠲᠤᠭᠤᠷᠢᠭ ᠤᠨ ᠥᠷᠭᠡᠨ ᠲᠠᠯᠠᠪᠠᠢ ᠳᠤ ᠴᠠᠬᠢᠯᠭᠠᠨ ᠵᠣᠭᠰᠣᠭᠰᠠᠨ ᠬᠡᠷᠡᠭ ᠢ ᠪᠣᠳᠠᠲᠠᠢ ᠠᠷᠭᠠᠴᠠᠨ ᠰᠢᠢᠳᠪᠦᠷᠢᠯᠡᠬᠦ | ᠠᠵᠢᠯ ᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ ᠃ | ᠬᠤᠶᠠᠷ ᠂ ᠵᠢᠯᠤᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠭᠤᠷᠢᠭ ᠤᠨ ᠶᠡᠭᠡ | ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠳᠡᠯ ᠠᠴᠠ ᠠᠪᠤᠷᠠᠬᠤ᠂ | ᠴᠠᠬᠢᠯᠭᠠᠨ ᠤ ᠲᠣᠣᠷ ᠢ ᠰᠡᠷᠭᠦᠭᠡᠬᠦ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠢ | ᠬᠡᠷᠡᠭᠵᠢᠭᠦᠯᠦᠨ᠎ᠡ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠴᠠᠭ᠎ᠠ ᠶᠢ ᠵᠣᠬᠢᠴᠠᠭᠤᠯᠵᠤ᠂ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠪᠠᠴᠢᠮ ᠪᠠᠶᠢᠳᠠᠯ ᠢ | ᠠᠷᠭᠠᠴᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠰᠤᠳᠤᠯᠤᠨ᠎ᠠ ᠃ ᠵᠣᠬᠢᠴᠠᠩᠭᠤᠢ | ᠪᠠᠴᠢᠮ ᠪᠠᠶᠢᠳᠠᠯ ᠤᠨ ᠠᠷᠭᠠᠴᠠᠭᠠᠯᠲᠠ ᠤᠨ ᠲᠠᠰ ᠲᠤ ᠲᠣᠬᠢᠷᠠᠭᠤᠯᠤᠯᠲᠠ ᠬᠢᠬᠦ ᠪᠠ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠳᠠᠭᠤᠰᠬᠠᠬᠤ ᠪᠠᠷ ᠲᠣᠭᠲᠠᠪᠠ︔ ᠬᠤᠲᠠ ᠶᠢᠨ ᠶᠡᠭᠡ ᠬᠡᠪᠴᠢᠶᠡᠨ ᠤ ᠴᠠᠬᠢᠯᠭᠠᠨ | ᠵᠣᠭᠰᠣᠭᠰᠠᠨ ᠢ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠠᠮᠵᠢᠯᠴᠠᠨ᠎ᠠ᠃ | ᠭᠤᠷᠪᠠ ᠂ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ | ᠲᠤᠭᠤᠷᠢᠭ ᠤᠨᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ | ᠨᠢᠭᠡᠴᠢ ᠲᠠᠢ ᠬᠠᠮᠲᠤᠷᠠᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠨᠡᠶᠢᠲᠡᠯᠡᠬᠦ | ᠪᠠ ᠵᠠᠭᠤᠴᠢᠯᠠᠭᠤᠷ ᠤᠨ ᠮᠡᠳᠡᠭᠡᠯᠡᠯ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠡᠵᠡᠮᠳᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ᠂ ᠮᠡᠳᠡᠭᠡ ᠵᠠᠩᠭᠢ ᠶᠢ | ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠨ᠎ᠡ᠃ | ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠄ ᠪᠥᠬᠦ ᠲᠤᠭᠤᠷᠢᠭ ᠤᠨᠴᠠᠬᠢᠯᠭᠠᠨ | ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ | ᠠᠵᠢᠯᠯᠠᠭᠠᠨ ᠪᠠ ᠴᠠᠬᠢᠯᠭᠠᠨ ᠲᠣᠣᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠦᠬᠦᠢ ᠨᠢᠭᠡᠴᠢ ︵ ᠠᠵᠤ ᠠᠬᠤᠶᠢᠯᠠᠯ︶ ᠪᠣᠯᠣᠨ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠶᠢᠳᠠᠯ ᠢ ᠵᠠᠳᠠᠯᠤᠨ ᠰᠤᠳᠤᠯᠵᠤ | ᠮᠠᠭᠠᠳᠯᠠᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠬᠠᠩᠭᠠᠬᠤ ᠶᠢ | ᠰᠡᠷᠭᠦᠭᠡᠬᠦ ᠲᠥᠰᠥᠯ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠴᠠᠬᠢᠯᠭᠠᠨ ᠬᠦᠴᠦᠨ ᠤ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠥᠷᠨᠢᠭᠦᠯᠦᠨ᠎ᠡ᠃ ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ᠂ ᠭᠠᠮᠰᠢᠭ ᠠᠴᠠ | ᠠᠪᠤᠷᠠᠬᠤ ᠡᠳ᠋ ᠪᠠᠷᠠᠭ᠎ᠠ ᠶᠢ ᠰᠢᠯᠵᠢᠭᠦᠯᠦᠨ ᠭᠠᠷᠭᠠᠬᠤ ᠶᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ | ᠬᠡᠷᠡᠭᠲᠡᠢ᠃ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ | ᠪᠠᠶᠢᠳᠠᠯ ᠳᠣᠣᠷᠠᠬᠢ ᠭᠤᠣᠯᠳᠠᠯᠭ᠎ᠠ ᠲᠠᠢ ᠣᠷᠣᠨ ᠪᠠᠶᠢᠷᠢ᠂ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ | ᠠᠮᠤᠷ ᠲᠦᠪᠰᠢᠨ ᠤ ᠬᠠᠮᠠᠭᠠᠯᠠᠯᠲᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠵᠡᠷᠭᠡ ᠠᠵᠢᠯ ᠢ ᠪᠠᠲᠤᠯᠠᠬᠤ ᠶᠢ | ᠬᠠᠷᠢᠭᠤᠴᠠᠨ᠎ᠠ︔ ᠡ᠊ᠨᠳᠡᠯ ᠤᠨ ᠲᠤᠬᠠᠢ ᠶᠢᠨ ᠲᠠᠯᠠᠪᠤᠷ ᠤᠨ ᠠᠶᠤᠯ ᠠᠴᠠ ᠠᠪᠤᠷᠠᠬᠤ ᠭᠠᠳᠠᠷ ᠲᠠᠯ᠎ᠠ ᠶᠢᠨ ᠠᠮᠤᠷ | ᠲᠦᠪᠰᠢᠨ ᠤ ᠡᠮᠬᠢ ᠵᠢᠷᠤᠮ ᠢ ᠬᠠᠮᠠᠭᠠᠯᠠᠬᠤ ᠶᠢ ᠬᠠᠷᠢᠭᠤᠴᠠᠵᠤ ᠂ ᠠᠶᠤᠯᠲᠠᠢ ᠭᠠᠵᠠᠷ ᠲᠤ ᠪᠠᠶᠢᠭ᠎ᠠ ᠬᠥᠮᠥᠰ ᠢ | ᠲᠠᠷᠬᠠᠭᠠᠵᠤ ᠂ ᠠᠮᠤᠷ ᠲᠦᠪᠰᠢᠨ ᠤ ᠬᠡᠷᠡᠭ ᠢ ᠰᠡᠷᠭᠡᠶᠢᠯᠡᠨ᠎ᠡ ; ᠠᠪᠤᠷᠠᠨ ᠲᠤᠰᠠᠯᠠᠬᠤ ᠡᠳ᠋ ᠪᠣᠳᠠᠰ ᠵᠢᠴᠢ ᠬᠥᠮᠥᠰ ᠤᠨ | ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ | ᠬᠠᠷᠢᠭᠤᠴᠠᠵᠤ ᠂ ᠴᠢᠬᠤᠯᠠᠲᠠᠢ ᠦᠶ᠎ᠡ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ ; | ᠨᠡᠶᠢᠭᠡᠮ ᠤᠨ ᠲᠣᠭᠲᠠᠭᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ ᠃ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠨᠥᠬᠦᠴᠡᠯ ᠳᠤ ᠨᠡᠶᠢᠴᠡᠬᠦ ᠬᠡᠷᠡᠭ ᠲᠤ | ᠨᠥᠯᠥᠭᠡᠯᠡᠭᠳᠡᠭᠰᠡᠨ ᠣᠯᠠᠨ ᠲᠦᠮᠡᠨ ᠳᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠬᠡᠷᠡᠭᠵᠢᠭᠦᠯᠵᠦ᠂ | ᠦᠬᠦᠵᠦ ᠰᠢᠷᠬᠠᠲᠤᠭᠰᠠᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ | ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠶᠡᠭᠡ ᠬᠡᠪᠴᠢᠶ᠎ᠡ ᠪᠠᠷ ᠴᠠᠬᠢᠯᠭᠠᠨ | ᠵᠣᠭᠰᠣᠭᠰᠠᠨ ᠬᠡᠷᠡᠭ ᠢ ᠰᠢᠢᠳᠪᠦᠷᠢᠯᠡᠬᠦ ᠠᠵᠢᠯ ᠳᠤ ᠴᠢᠬᠤᠯᠠ ᠪᠦᠬᠦᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠲᠤᠭᠤᠷᠢᠭ ᠤᠨ ᠳᠣᠲᠣᠷᠠᠬᠢ | ᠡᠯ᠎ᠡ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ᠂ ᠲᠡᠮᠦᠷ ᠰᠤᠪᠤᠷᠭ᠎ᠠ ᠺᠣᠮᠫᠠᠨᠢ ᠶᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ | ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ ᠬᠡᠮᠵᠢᠨ ᠵᠢᠷᠤᠬᠤ ᠭᠠᠵᠠᠷ | ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ ᠳᠠᠭᠠᠭᠤᠯᠢ ᠣᠳᠣᠨ ᠤ ᠶᠡᠷᠦᠩᠬᠡᠶᠢᠯᠡᠭᠰᠡᠨ ᠪᠠᠶᠢᠷᠢ | ᠲᠣᠭᠲᠠᠭᠠᠯᠲᠠ ᠶᠢᠨ ᠰᠠᠭᠤᠷᠢ ᠦᠢᠯᠡᠴᠢᠯᠡᠭᠡᠨ ᠢ ᠬᠠᠷᠢᠭᠤᠴᠠᠨ ᠬᠠᠩᠭᠠᠵᠤ᠂ ᠴᠠᠬᠢᠯᠭᠠᠨ ᠵᠣᠭᠰᠣᠭᠰᠠᠨ ᠣᠷᠣᠨ ᠤ | ᠭᠠᠵᠠᠷ ᠤᠨ ᠵᠢᠷᠤᠭ ᠤᠨ ᠮᠠᠲ᠋ᠧᠷᠢᠶᠠᠯ ᠪᠠ ᠰᠠᠭᠤᠷᠢ ᠬᠡᠮᠵᠢᠨ ᠵᠢᠷᠤᠭᠯᠠᠯᠲᠠ ᠶᠢᠨ ᠦᠷ᠎ᠡ ᠪᠦᠲᠦᠭᠡᠯ ᠢ ᠬᠠᠩᠭᠠᠵᠤ᠂ | ᠣᠷᠣᠨ ᠵᠠᠢ ᠶᠢᠨ ᠪᠠᠶᠢᠷᠢ ᠲᠣᠭᠲᠠᠭᠠᠯᠲᠠ ᠶᠢᠨ ᠮᠡᠷᠭᠡᠵᠢᠯ᠂ ᠰᠢᠯᠵᠢᠮᠡᠯ ᠦᠵᠦᠭᠦᠷ ᠤᠨ ᠠᠶᠠᠯᠠᠯ ᠵᠠᠯᠠᠬᠤ ᠪᠠ | ᠡᠯᠧᠺᠲᠷᠣᠨ ᠭᠠᠵᠠᠷ ᠤᠨ ᠵᠢᠷᠤᠭ ᠤᠨ ᠦᠢᠯᠡᠴᠢᠯᠡᠭᠡᠨ ᠢ ᠬᠠᠩᠭᠠᠵᠤ᠂ ᠡᠯ᠎ᠡ ᠲᠥᠷᠥᠯ ᠤᠨ ᠠᠯᠤᠰ ᠰᠡᠷᠡᠯ ᠤᠨ ᠪᠠ | ᠵᠢᠯᠣᠭᠤᠴᠢ ᠦᠭᠡᠢ ᠨᠢᠰᠬᠡᠯ ᠤᠨ ᠬᠡᠷᠡᠯ ᠵᠢᠷᠤᠭ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠵᠡᠷᠭᠡ | ᠦᠢᠯᠡᠴᠢᠯᠡᠭᠡᠨ ᠢ ᠬᠠᠩᠭᠠᠨ᠎ᠠ᠃ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠭᠠᠵᠠᠷ ᠤᠨ | ᠭᠠᠵᠠᠷ ᠤᠨ ᠭᠠᠢ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠬᠦ ᠶᠢ ᠰᠠᠶᠢᠲᠤᠷ | ᠬᠢᠬᠦ ᠶᠢ ᠬᠠᠷᠢᠭᠤᠴᠠᠨ᠎ᠠ᠃ | ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠠᠳᠡᠯ ᠤᠨ ᠲᠤᠬᠠᠢ ᠶᠢᠨ | ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠬᠢᠨᠠᠨ | ᠬᠡᠮᠵᠢᠯᠲᠡ ᠶᠢ ᠬᠠᠷᠢᠭᠤᠴᠠᠵᠤ᠂ ᠲᠦᠭᠰᠢᠭᠦᠷᠢ ᠶᠡᠬᠡᠲᠡᠢ ᠠᠵᠤ ᠠᠬᠤᠶᠢᠯᠠᠯ ᠤᠨ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ ᠶᠢᠨ ᠬᠠᠮᠲᠤ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠬᠤ ᠲᠤᠭᠲᠠᠴᠠ ᠶᠢ ᠪᠠᠶᠢᠭᠤᠯᠤᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ | ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠬᠤᠲᠠ ᠶᠢᠨ ᠶᠠᠪᠤᠳᠠᠯ ᠤᠨ ᠭᠡᠷᠡᠯᠲᠦᠭᠦᠯᠭᠡ᠂ ᠪᠣᠬᠢᠷ | ᠤᠰᠤ ᠶᠢ ᠰᠢᠢᠳᠪᠦᠷᠢᠯᠡᠬᠦ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠵᠡᠷᠭᠡ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ ᠶᠢᠨ ᠠᠵᠢᠯᠯᠠᠭᠠᠨ ᠢ ᠰᠡᠷᠭᠦᠭᠡᠬᠦ ᠠᠵᠢᠯ ᠢ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠵᠤ᠂ | ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠎ᠠ᠃ ᠪᠠᠶᠢᠭᠠᠯᠢ ᠶᠢᠨ ᠰᠢᠲᠠᠮᠠᠬᠠᠢ ᠬᠡᠢ | ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠣᠳᠠᠰ ᠢ ᠲᠤᠬᠢᠷᠠᠭᠤᠯᠤᠨ᠎ᠠ᠃ | ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠳᠤ | ᠬᠡᠷᠡᠭᠰᠡᠬᠦ ᠡᠳ᠋ ᠪᠠᠷᠠᠭᠠᠨ ᠤ ᠲᠡᠭᠡᠭᠡᠪᠦᠷᠢ ᠶᠢᠨ ᠪᠠᠲᠤᠯᠠᠭ᠎ᠠ ᠶᠢ ᠨᠠᠶᠢᠳᠠᠪᠤᠷᠢᠭᠤᠯᠠᠨᠠ᠃ | ᠲᠤᠭᠤᠷᠢᠭ ᠤᠨᠤᠰᠤᠨ ᠠᠰᠢᠭᠯᠠᠯᠲᠠ ᠶᠢᠨ ᠲᠣᠪᠴᠢᠶ᠎ᠠ᠄ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ | ᠭᠠᠷᠤᠭᠰᠠᠨ ᠣᠷᠣᠨ ᠤ ᠤᠰᠤᠨ ᠵᠦᠢ ᠶᠢᠨ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠵᠡᠷᠭᠡ | ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠶᠢ ᠬᠠᠷᠢᠭᠤᠴᠠᠨ᠎ᠠ᠃ᠤᠰᠤ ᠬᠠᠩᠭᠠᠬᠤ ᠡᠬᠢ ᠪᠠᠶᠠᠯᠢᠭ ᠤᠨ | ᠪᠠᠲᠤᠯᠠᠭ᠎ᠠ ᠶᠢ ᠵᠣᠬᠢᠴᠠᠭᠤᠯᠤᠨ᠎ᠠ ᠃ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠪᠠᠴᠢᠮ ᠪᠠᠶᠢᠳᠠᠯ ᠢ ᠠᠷᠭᠠᠴᠠᠬᠤ | ᠡᠮᠴᠢᠯᠡᠭᠡᠨ ᠤ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠮᠴᠢᠯᠡᠭᠡᠨ ᠤ | ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠭᠤᠣᠯ ᠪᠣᠯᠬᠤ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢ ᠬᠢᠨᠠᠨ ᠬᠡᠮᠵᠢᠬᠦ ᠪᠠ ᠬᠠᠩᠭᠠᠬᠤ ᠵᠢᠲ᠋ᠣᠰᠣᠨ ᠤ ᠵᠦᠢᠯ ᠵᠡᠷᠭᠡ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠣᠳᠠᠰ ᠢ ᠲᠣᠬᠢᠷᠠᠭᠤᠯᠤᠨ ᠲᠣᠬᠢᠷᠠᠭᠤᠯᠬᠤ ᠶᠢ ᠵᠣᠬᠢᠴᠠᠭᠤᠯᠤᠨ᠎ᠠ ᠃ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠄ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠠᠬᠢᠯᠭᠠᠨ ᠬᠦᠴᠦᠨ ᠤ ᠠᠵᠤ | ᠠᠬᠤᠶᠢᠯᠠᠯ ᠤᠨ ᠬᠦᠨᠳᠦ᠂ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃ ᠭᠠᠵᠠᠷ ᠬᠥᠳᠡᠯᠦᠯᠲᠡ ᠶᠢᠨ ᠪᠠᠶᠢᠳᠠᠯ ᠢ ᠮᠥᠷᠳᠡᠨ | ᠬᠢᠨᠠᠬᠤ ᠠᠵᠢᠯ ᠢ ᠬᠠᠷᠢᠭᠤᠴᠠᠵᠤ ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠠᠪᠲᠠᠷᠡᠭᠦᠯᠵᠦ ᠂ | ᠲᠤᠬᠠᠢ ᠶᠢᠨ ᠲᠠᠯᠠᠪᠠᠢ ᠶᠢᠨ ᠭᠠᠵᠠᠷ ᠬᠥᠳᠡᠯᠦᠯᠲᠡ ᠶᠢᠨ ᠭᠠᠮᠰᠢᠭ ᠢ ᠪᠠᠶᠢᠴᠠᠭᠠᠬᠤ ᠪᠠ ᠦᠨᠡᠯᠡᠨ ᠵᠢᠱᠢᠬᠦ ᠵᠡᠷᠭᠡ | ᠠᠵᠢᠯ ᠢ ᠥᠷᠨᠢᠭᠦᠯᠦᠨ᠎ᠡ ᠃ ᠨᠡᠭᠦᠷᠡᠰᠦ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠠᠷᠠᠭ᠎ᠠ ᠶᠢ | ᠲᠣᠬᠢᠷᠠᠭᠤᠯᠤᠨ ᠲᠣᠬᠢᠷᠠᠭᠤᠯᠬᠤ ᠶᠢ ᠵᠣᠬᠢᠴᠠᠭᠤᠯᠤᠨ᠎ᠠ ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠭᠠᠵᠠᠷ ᠤᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ᠂ ᠭᠠᠮᠰᠢᠭ ᠠᠴᠠ ᠠᠪᠤᠷᠠᠬᠤ ᠡᠳ᠋ | ᠪᠠᠷᠠᠭ᠎ᠠ ᠶᠢ ᠰᠢᠯᠵᠢᠭᠦᠯᠦᠨ ᠭᠠᠷᠭᠠᠬᠤ ᠶᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃ | ᠲᠤᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠄ ᠴᠠᠬᠢᠯᠭᠠᠨ ᠬᠦᠴᠦᠨ ᠤ | ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠴᠠᠬᠢᠯᠭᠠᠨ ᠬᠦᠴᠦᠨ ᠤ ᠪᠡᠯᠡᠳᠬᠡᠮᠵᠢ ᠶᠢᠨ ᠠᠶᠤᠯ ᠦᠭᠡᠢ ᠳᠤ | ᠬᠥᠨᠥᠭᠡᠯ ᠤᠴᠠᠷᠠᠭᠤᠯᠬᠤ ᠤᠷᠭᠤᠮᠠᠯ ᠳᠠᠷᠢᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ | ᠠᠳᠡᠯ ᠭᠠᠷᠤᠭᠰᠠᠨ ᠣᠷᠣᠨ ᠤ ᠳᠣᠲᠣᠷᠠᠬᠢ ᠣᠶ ᠮᠣᠳᠣ ᠶᠢ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ᠲᠤᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠄ ᠭᠠᠯ ᠤᠨᠲᠠᠷᠠᠭᠠᠵᠤ ᠠᠪᠤᠷᠠᠨ | ᠲᠤᠰᠠᠯᠠᠬᠤ ᠂ ᠭᠠᠯ ᠤᠨ ᠠᠶᠤᠯ ᠤᠨ ᠲᠦᠭᠰᠢᠭᠦᠷᠢᠲᠦ ᠪᠠᠶᠢᠳᠠᠯ ᠢ ᠡᠵᠡᠮᠳᠡᠬᠦ ᠪᠠ ᠠᠷᠢᠯᠭᠠᠬᠤ ᠵᠡᠷᠭᠡ ᠲᠤᠰᠬᠠᠢ ᠠᠵᠢᠯ ᠢ | ᠬᠠᠷᠢᠭᠤᠴᠠᠨ᠎ᠠ ᠃ | ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠄ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ | ᠮᠡᠳᠡᠭᠡᠯᠡᠬᠦ᠂ ᠲᠥᠰᠥᠭᠡᠯᠡᠬᠦ ᠶᠢ ᠬᠠᠷᠢᠭᠤᠴᠠᠵᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ | ᠲᠤᠬᠠᠢ ᠳᠤᠨᠢ ᠬᠠᠩᠭᠠᠵᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠠᠢ ᠬᠠᠮᠵᠢᠯᠴᠠᠨ ᠴᠠᠭ ᠠᠭᠤᠷ ᠤᠨ ᠭᠠᠮᠰᠢᠭ | ᠠᠴᠠ ᠪᠣᠯᠤᠭᠰᠠᠨ ᠠᠳᠡᠯ ᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠵᠢᠴᠢ ᠴᠠᠭ ᠠᠭᠤᠷ ᠤᠨ ᠵᠠᠳᠠᠯᠤᠯᠲᠠ | ᠬᠢᠬᠦ ᠵᠡᠷᠭᠡ ᠠᠵᠢᠯ ᠢ ᠥᠷᠨᠢᠭᠦᠯᠦᠨ᠎ᠡ᠃ | ᠲᠤᠭᠤᠷᠢᠭ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ᠄ | ᠴᠠᠬᠢᠯᠭᠠᠨ ᠤ ᠲᠣᠣᠷ ᠤᠨ ᠠᠵᠢᠯᠯᠠᠭᠠᠨ ᠤ ᠪᠠᠶᠢᠳᠠᠯ ᠢ ᠬᠢᠨᠠᠨ ᠡᠵᠡᠮᠳᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠵᠠᠰᠠᠬᠤ᠂ ᠬᠡᠮ ᠰᠣᠭᠤᠭ ᠢ ᠵᠠᠳᠠᠯᠬᠤ ᠪᠠ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ︔ ᠴᠠᠬᠢᠯᠭᠠᠨ ᠤ ᠲᠣᠣᠷ ᠤᠨ | ᠡ᠊ᠨᠳᠡᠯ ᠢ ᠰᠢᠢᠳᠪᠦᠷᠢᠯᠡᠬᠦ ᠠᠵᠢᠯ ᠢ ᠵᠢᠯᠤᠭᠤᠳᠴᠤ ᠂ ᠡ᠊ᠨᠳᠡᠯ ᠤᠨ ᠬᠡᠪᠴᠢᠶ᠎ᠡ ᠶᠢ ᠬᠢᠵᠠᠭᠠᠷᠯᠠᠵᠤ ᠂ ᠡ᠊ᠨᠳᠡᠯ ᠤᠨ ᠤᠯᠠᠮ | ᠨᠢᠭᠡ ᠠᠯᠬᠤᠮ ᠥᠷᠭᠡᠳᠬᠦ ᠶᠢ ᠰᠡᠷᠭᠡᠶᠢᠯᠡᠬᠦ ᠬᠡᠷᠡᠭᠲᠡᠢ ; ᠭᠤᠣᠯᠳᠠᠯᠭ᠎ᠠ ᠲᠠᠢ ᠭᠠᠵᠠᠷ ᠣᠷᠣᠨ ᠂ ᠴᠢᠬᠤᠯᠠ ᠠᠴᠢᠶ᠎ᠠ ᠂ | ᠴᠢᠬᠤᠯᠠ ᠡᠷᠦᠭᠡ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠨ᠎ᠠ ; ᠴᠠᠬᠢᠯᠭᠠᠨ ᠬᠦᠴᠦᠨ ᠤ ᠵᠠᠪᠳᠤᠨ | ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ ᠂ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠪᠠᠷᠠᠭ᠎ᠠ ᠶᠢ | ᠰᠢᠯᠵᠢᠭᠦᠯᠦᠨ ᠴᠤᠭᠯᠠᠭᠤᠯᠵᠤ ᠂ ᠴᠠᠬᠢᠯᠭᠠᠨ ᠲᠣᠣᠷ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠠᠵᠢᠯ ᠢ | ᠥᠷᠨᠢᠭᠦᠯᠦᠨ ᠂ ᠴᠠᠬᠢᠯᠭᠠᠨ ᠬᠦᠴᠦᠨ ᠤ ᠬᠠᠩᠭᠠᠯᠭ᠎ᠠ ᠶᠢ ᠴᠠᠭ ᠲᠤᠬᠠᠢ ᠳᠤᠨᠢ ᠰᠡᠷᠭᠦᠭᠡᠬᠦ ᠬᠡᠷᠡᠭᠲᠡᠢ ᠃ ᠴᠠᠬᠢᠯᠭᠠᠨ | ᠲᠣᠣᠷ ᠂ ᠴᠠᠬᠢᠯᠭᠠᠨ ᠦᠢᠯᠡᠳᠪᠦᠷᠢ ᠂ ᠵᠣᠴᠢᠨ ᠡᠷᠦᠭᠡ ᠶᠢᠨ ᠬᠤᠭᠤᠷᠣᠨᠳᠣᠬᠢ ᠴᠠᠬᠢᠯᠭᠠᠨ ᠬᠠᠩᠭᠠᠯᠭ᠎ᠠ ᠶᠢᠨ | ᠰᠡᠷᠭᠦᠭᠡᠯᠲᠡ ᠶᠢ ᠵᠣᠬᠢᠴᠠᠭᠤᠯᠵᠤ ᠂ ᠴᠠᠬᠢᠯᠭᠠᠨ ᠲᠣᠣᠷ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ | ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠃ | ᠬᠠᠮᠢᠶ᠎ᠠ ᠪᠦᠬᠦᠢ ᠴᠠᠬᠢᠯᠭᠠᠨ ᠭᠠᠷᠭᠠᠬᠤ ᠠᠵᠤ ᠠᠬᠤᠶᠢᠯᠠᠯ᠄ ᠲᠣᠰ ᠠᠵᠤ ᠠᠬᠤᠶᠢᠯᠠᠯ ᠤᠨ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠳᠣᠣᠷᠠᠬᠢ ᠦᠢᠯᠡᠳᠪᠦᠷᠢᠯᠡᠯ ᠤᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠢ ᠬᠠᠷᠢᠭᠤᠴᠠᠵᠤ᠂ ︽ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠶᠢ ᠪᠠᠲᠤᠯᠠᠬᠤ︾ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠮᠠᠰᠢᠨ ᠴᠣᠭᠴᠠᠯᠠᠪᠤᠷᠢ ᠶᠢᠨ ᠬᠥᠳᠡᠯᠭᠡᠬᠦ ᠴᠢᠳᠠᠪᠤᠷᠢ ᠪᠠ ᠠᠵᠢᠯᠯᠠᠭᠠᠨ ᠤ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠲᠠᠷᠠᠭ᠎ᠠ ᠂ | ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠬᠠᠩᠭᠠᠯᠭ᠎ᠠ ᠶᠢ ᠰᠠᠶᠢᠲᠤᠷ ᠬᠢᠵᠦ ᠂ ᠮᠠᠰᠢᠨ ᠴᠣᠭᠴᠠᠯᠠᠪᠤᠷᠢ ᠶᠢᠨ | ᠲᠣᠣᠷ ᠨᠡᠶᠢᠯᠡᠭᠦᠯᠦᠨ ᠠᠵᠢᠯᠯᠠᠭᠤᠯᠬᠤ ᠪᠠ ᠬᠦᠴᠦ ᠭᠠᠷᠭᠠᠬᠤ ᠶᠢ ᠴᠠᠭ ᠲᠤᠬᠠᠢ ᠳᠤᠨᠢ ᠰᠡᠷᠭᠦᠭᠡᠵᠦ ᠂ ᠭᠠᠵᠠᠷ | ᠣᠷᠣᠨ ᠤ ᠴᠠᠬᠢᠯᠭᠠᠨ ᠤ ᠲᠣᠣᠷ ᠤᠨ ᠴᠠᠬᠢᠯᠭᠠᠨ ᠬᠠᠩᠭᠠᠯᠭ᠎ᠠ ᠶᠢ ᠰᠡᠷᠭᠦᠭᠡᠬᠦ ᠪᠠ ᠲᠣᠭᠲᠠᠭᠤᠨ ᠢᠶᠠᠷ | ᠠᠵᠢᠯᠯᠠᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠃ | | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023 | ᠣᠨ ᠤ 1 ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ ᠃ | | |