ᠶᠤᠸᠠᠨ ᠪᠦᠦ ᠱᠠᠨ ᠲᠣᠭᠤᠷᠢᠭ ︽ᠶᠤᠸᠠᠨ ᠪᠦᠦ ᠱᠠᠨ ᠲᠣᠭᠤᠷᠢᠭ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ︵ᠳᠣᠷᠣᠭᠰᠢ ︽ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢ ᠨᠠᠩ ᠰᠠᠶᠢᠨ ᠣᠶᠢᠯᠠᠭᠠᠨ ᠲᠤᠭᠤᠰᠢᠯᠠᠭᠤᠯᠬᠤ ᠶᠢᠨ | ᠲᠥᠯᠥᠭᠡ᠂ ᠡᠳᠦᠭᠡ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠳᠤ ᠲᠠᠶᠢᠯᠤᠮᠵᠢ ᠬᠢᠶ᠎ᠠ | ᠃ | ᠨᠢᠭᠡ᠂ ᠲᠣᠭᠲᠠᠭᠠᠭᠰᠠᠨ ᠵᠣᠷᠢᠯᠭ᠎ᠠ | ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠂ ᠣᠯᠠᠨ | ᠶᠠᠩᠵᠤᠴᠢᠯᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ | ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠡᠰ ᠳᠠᠪᠬᠤᠷᠭ᠎ᠠ ᠶᠢᠨ ᠂ ᠴᠢᠨᠠᠷ ᠰᠠᠶᠢᠲᠠᠢ | ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ ᠃ | ᠬᠤᠶᠠᠷ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ ᠤᠯᠠᠭᠠᠨᠬᠠᠳᠠ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠨᠠᠷᠢᠨ ᠳᠠᠩᠰᠠ ︾ ᠪᠣᠯᠣᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ | ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ︵ ᠲᠥᠪ | ᠲᠠᠷᠬᠠᠭᠠᠭᠰᠠᠨ〔2021〕42 ᠳ᠋ᠤᠭᠠᠷ ᠲᠣᠭᠠᠲᠤ ︶ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠥᠷᠢᠮ︾ ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ | ᠲᠠᠷᠬᠠᠭᠠᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠂ ︽ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ ᠤᠯᠠᠭᠠᠨᠬᠠᠳᠠ ᠵᠠᠰᠠᠭ ᠲᠠᠷᠬᠠᠭᠠᠭᠰᠠᠨ ﹇ | 2016﹈ 93 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ | ᠥᠨᠳᠥᠰᠥᠯᠡᠨ ᠲᠣᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠲᠣᠭᠲᠠᠭᠠᠪᠠ᠃ | ᠭᠤᠷᠪᠠ ᠂ ᠭᠤᠣᠯ ᠠᠭᠤᠯᠭ᠎ᠠ | ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠳᠠᠩᠰᠠ︾ ᠨᠢ ᠨᠡᠶᠢᠲᠡ 29 ᠵᠦᠢᠯ ᠪᠠᠶᠢᠵᠤ᠂ | ᠦᠢᠯᠡᠴᠢᠯᠡᠭᠡᠨ ᠤ ᠲᠥᠷᠥᠯ ᠵᠦᠢᠯ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠣᠯᠭᠤᠮᠵᠢ᠂ ᠨᠠᠰᠤᠲᠠᠶᠢᠴᠤᠳ ᠤᠨ ᠴᠢᠳᠠᠪᠤᠷᠢ ᠶᠢᠨ ᠶᠡᠷᠦᠩᠬᠡᠶᠢᠯᠡᠨ ᠦᠨᠡᠯᠡᠯᠲᠡ᠂ ᠥᠨᠳᠦᠷ ᠨᠠᠰᠤᠨ ᠤ ᠨᠡᠮᠡᠭᠦᠷᠢ᠂ | ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠨᠥᠬᠦᠪᠦᠷᠢ ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠲᠡᠭᠡᠨ ᠰᠠᠭᠤᠬᠤ ᠳᠤ ᠲᠣᠬᠢᠷᠠᠬᠤ | ᠨᠠᠰᠤᠵᠢᠭᠤᠯᠬᠤ ᠥᠭᠡᠷᠡᠴᠢᠯᠡᠯᠲᠡ ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠂ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠂ ᠣᠨᠴᠠ ᠬᠦᠴᠢᠷᠳᠡᠯᠲᠡᠢ ᠬᠥᠮᠥᠰ ᠢ | ᠠᠰᠠᠷᠠᠨ ᠲᠡᠵᠢᠭᠡᠬᠦ ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠣᠯᠣᠨ ᠬᠦᠨᠳᠦ ᠵᠡᠮᠳᠡᠭᠴᠦᠳ ᠢ | ᠠᠰᠠᠷᠠᠬᠤ ᠨᠥᠬᠦᠪᠦᠷᠢ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠥᠬᠦᠪᠦᠷᠢ ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠭᠠᠵᠠᠷ ᠰᠢᠷᠣᠢ ᠬᠠᠩᠭᠠᠬᠤ | ᠵᠡᠷᠭᠡ ᠪᠣᠯᠣᠨ᠎ᠠ ᠃ ᠦᠢᠯᠡᠴᠢᠯᠡᠬᠦ ᠡᠲᠡᠭᠡᠳ ᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠪᠥᠭᠡᠳ ᠣᠯᠭᠤᠮᠵᠢ ᠭᠥᠷᠳᠡᠬᠦ ᠨᠥᠬᠦᠴᠡᠯ ᠳᠤ ᠨᠡᠶᠢᠴᠡᠬᠦ ᠬᠥᠮᠥᠰ᠂ 60 ᠪᠦᠬᠦᠯᠢ ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ᠂ ᠣᠨᠴᠠ ᠬᠦᠴᠢᠷᠳᠡᠯ ᠲᠠᠢ ᠠᠰᠠᠷᠠᠨ | ᠲᠡᠵᠢᠭᠡᠵᠦ ᠪᠠᠶᠢᠭ᠎ᠠ ᠬᠥᠮᠥᠰ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠲᠠᠨ᠎ᠠ᠃ | | ᠲᠠᠶᠢᠯᠤᠮᠵᠢ ᠬᠢᠭᠰᠡᠨ ᠨᠢᠭᠡᠴᠢ᠄ ᠶᠤᠸᠠᠨ ᠪᠦᠦ ᠱᠠᠨ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ | |