︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ | ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ︵2021 ︱ 2025 ᠣᠨ︶︾ ᠶᠢᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ | ᠰᠠᠭᠤᠷᠢ ᠬᠡᠮᠵᠢᠨ ᠵᠢᠷᠤᠭᠯᠠᠯᠲᠠ ᠪᠣᠯ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠨᠠᠷᠲᠠᠢ ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠂ ᠤᠷᠢᠳᠴᠢᠯᠠᠬᠤ ᠴᠢᠨᠠᠷᠲᠠᠢ ᠦᠢᠯᠡᠰ ᠮᠥᠨ ᠂ ᠤᠯᠤᠰ ᠤᠨ ᠪᠠᠶᠢᠳᠠᠯ | ᠤᠯᠤᠰ ᠤᠨ ᠬᠦᠴᠦᠨ ᠢ ᠡᠵᠡᠮᠰᠢᠬᠦ ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠂ ᠲᠤᠰᠠᠯᠠᠬᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠠᠵᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠲᠦᠰᠢᠭ ᠲᠤᠯᠭᠠᠭᠤᠷᠢ ᠮᠥᠨ ᠃ ᠤᠯᠠᠭᠠᠨᠬᠠᠳᠠ | ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠭᠤᠷᠢ ᠬᠡᠮᠵᠢᠨ | ᠵᠢᠷᠤᠭᠯᠠᠯᠲᠠ ᠶᠢᠨ ᠲᠥᠯᠦᠪᠵᠢᠭᠦᠯᠭᠡ ᠪᠣᠯ ᠲᠤᠰ ᠵᠠᠰᠠᠭ ᠵᠠᠬᠢᠷᠭᠠᠨ ᠤ ᠣᠷᠣᠨ ᠤ ᠬᠥᠭᠵᠢᠯᠲᠡ ᠶᠢᠨ | ᠲᠥᠯᠦᠪᠵᠢᠭᠦᠯᠭᠡ ᠶᠢᠨ ᠰᠢᠰᠲ᠋ᠧᠮ ᠳᠠᠬᠢ ᠴᠢᠬᠤᠯᠠ ᠲᠤᠰᠬᠠᠢ ᠵᠦᠢᠯ ᠤᠨ ᠲᠥᠯᠦᠪᠵᠢᠭᠦᠯᠭᠡ ᠪᠣᠯᠣᠨ᠎ᠠ᠂ ᠰᠠᠭᠤᠷᠢ | ᠬᠡᠮᠵᠢᠨ ᠵᠢᠷᠤᠭᠯᠠᠯᠲᠠ ᠶᠢᠨ ᠠᠵᠢᠯ ᠢ ᠥᠷᠨᠢᠭᠦᠯᠬᠦ ᠶᠢᠨ ᠶᠡᠷᠦᠩᠬᠡᠢ ᠲᠣᠬᠢᠷᠠᠭᠤᠯᠤᠯᠲᠠ ᠪᠠ ᠶᠡᠷᠦᠩᠬᠡᠢ | ᠪᠠᠶᠢᠷᠢᠯᠠᠭᠤᠯᠤᠯᠲᠠ ᠮᠥᠨ᠂ ᠴᠢᠬᠤᠯᠠ ᠶᠡᠭᠡ ᠰᠠᠭᠤᠷᠢ ᠬᠡᠮᠵᠢᠨ ᠵᠢᠷᠤᠭᠯᠠᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠶᠢᠨ ᠦᠨᠳᠦᠰᠦᠨ ᠦᠨᠳᠦᠰᠦᠯᠡᠯ ᠮᠥᠨ᠂ ᠪᠠᠰᠠ ᠴᠤ ᠪᠠᠶᠢᠭᠠᠯᠢ ᠶᠢᠨ ᠡᠬᠢ ᠪᠠᠶᠠᠯᠢᠭ ᠤᠨ ︽ᠠᠷᠠᠳ | ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠲᠤᠰᠢᠶᠠᠯ | ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢ | ᠨᠢᠭᠡᠳᠦᠯᠲᠡᠢ ᠬᠡᠷᠡᠭᠵᠢᠭᠦᠯᠬᠦ︾ ᠴᠢᠬᠤᠯᠠ ᠠᠷᠭ᠎ᠠ ᠪᠠᠷᠢᠯ ᠮᠥᠨ᠃ | 2019 ᠣᠨ ᠤ 11 ᠰᠠᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ︽ᠪᠥᠬᠦ | ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ | ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠵᠦᠭᠯᠡᠭᠦᠷ︾ ︵ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ | ᠵᠠᠬᠢᠳᠠᠯ ﹇2019﹈ 1914 ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠪᠠᠶᠢᠭᠠᠯᠢ ᠶᠢᠨ | ᠡᠬᠢ ᠪᠠᠶᠠᠯᠢᠭ ᠤᠨ ᠰᠠᠯᠠᠭ᠎ᠠ ᠮᠥᠴᠢᠷ ᠤᠳ ᠲᠣᠰ ᠱᠠᠲᠤᠨ ᠤ ᠪᠠᠨ ᠰᠠᠭᠤᠷᠢ ᠬᠡᠮᠵᠢᠨ ᠵᠢᠷᠤᠭᠯᠠᠯᠲᠠ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠲᠣᠰ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠬᠡᠮᠵᠢᠨ | ᠵᠢᠷᠤᠭᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ | ᠠᠵᠢᠯ ᠢ ᠥᠷᠨᠢᠭᠦᠯᠬᠦ ᠪᠠ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠶᠢᠨ | ᠡᠬᠢ ᠪᠠᠶᠠᠯᠢᠭ ᠥᠰᠥᠭ ﹇2019﹈ 580 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠳᠡᠭᠡᠷᠡᠬᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ | ᠵᠢᠷᠤᠭᠯᠠᠯᠲᠠ ᠶᠢᠨ ᠠᠵᠢᠯ ᠤᠨ ᠣᠳᠣᠬᠢ ᠪᠠᠶᠢᠳᠠᠯ ᠪᠠ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠤᠨ᠂ ᠶᠤᠸᠠᠨ | ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ︵2021 ︱ 2025 ᠣᠨ︶︾ ︵ᠳᠣᠷᠣᠭᠰᠢ ︽ | ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠲᠤᠭᠤᠷᠪᠢᠪᠠ ᠃ | ᠬᠤᠶᠠᠷ ᠂ ᠨᠠᠶᠢᠷᠠᠭᠤᠯᠤᠨ ᠲᠤᠭᠤᠷᠪᠢᠭᠰᠠᠨ ᠦᠨᠳᠦᠰᠦᠯᠡᠯ | ︵ ᠨᠢᠭᠡ ︶ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠭᠯᠠᠬᠤ ᠬᠠᠤᠯᠢ ︾ | ︵ᠬᠤᠶᠠᠷ︶ ︽ᠰᠠᠭᠤᠷᠢ ᠬᠡᠮᠵᠢᠨ ᠵᠢᠷᠤᠭᠯᠠᠯᠲᠠ ᠶᠢᠨ ᠳᠦᠷᠢᠮ︾ | ︵ ᠭᠤᠷᠪᠠ ︶ ︽ ᠪᠦᠬᠦ ᠤᠯᠤᠰ ᠤᠨ ᠰᠠᠭᠤᠷᠢ ᠬᠡᠮᠵᠢᠨ ᠵᠢᠷᠤᠭᠯᠠᠯᠲᠠ ᠶᠢᠨ ᠤᠷᠲᠤᠪᠲᠤᠷ ᠬᠤᠭᠤᠴᠠᠭᠠᠨ ᠤ | ᠲᠥᠯᠦᠪᠵᠢᠭᠦᠯᠭᠡ ᠶᠢᠨ ᠲᠣᠪᠴᠢ ︵ 2015—2030 ᠣᠨ ︶ ︾ | ︵ᠳᠥᠷᠪᠡ︶ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠯᠲᠠ ᠶᠢᠨ | ᠬᠠᠮᠢᠶᠠᠷᠤᠯᠲᠠ ᠶᠢᠨ ᠳᠦᠷᠢᠮ ︾ | ︵ ᠲᠠᠪᠤ ︶ ︽ ᠶᠤᠸᠠᠨ ᠪᠦᠦ ᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠲᠣᠪᠴᠢ ︾ | ︵ ᠵᠢᠷᠭᠤᠭ᠎ᠠ ︶ ︽ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ︿ ᠪᠦᠬᠦ ᠤᠯᠤᠰ ᠤᠨ | ᠰᠠᠭᠤᠷᠢ ᠬᠡᠮᠵᠢᠨ ᠵᠢᠷᠤᠭᠯᠠᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ᠶᠢ | ᠨᠠᠶᠢᠷᠠᠭᠤᠯᠤᠨ ᠲᠤᠭᠤᠷᠪᠢᠬᠤ ᠵᠦᠭᠯᠡᠭᠦᠷ ﹀ ᠢ ᠳᠠᠷᠤᠮᠠᠯᠯᠠᠨ ᠲᠠᠷᠬᠠᠭᠠᠬᠤ ᠲᠤᠬᠠᠢ ᠵᠠᠬᠢᠳᠠᠯ ︾ ︵ ᠪᠠᠶᠢᠭᠠᠯᠢ ᠶᠢᠨ ᠡᠬᠢ | ᠪᠠᠶᠠᠯᠢᠭ ᠠᠯᠪᠠᠨ ᠵᠠᠬᠢᠳᠠᠯ 〔 2019 〕 1914 ᠳ᠋ᠤᠭᠡᠷ ᠲᠣᠭᠠᠲᠤ ︶ | ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠡᠯ᠎ᠡ ᠠᠶᠢᠮᠠᠭ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠰᠠᠭᠤᠷᠢ ᠬᠡᠮᠵᠢᠨ | ᠵᠢᠷᠤᠭᠯᠠᠯᠲᠠ ᠶᠢᠨ ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠲᠤᠭᠤᠷᠪᠢᠬᠤ ᠲᠤᠬᠠᠢ ᠮᠡᠳᠡᠭᠳᠡᠯ︾ ︵ᠥᠪᠥᠷ | ᠮᠤᠩᠭᠤᠯ ᠪᠠᠶᠢᠭᠠᠯᠢ ᠶᠢᠨ ᠡᠬᠢ ᠪᠠᠶᠠᠯᠢᠭ ᠥᠰᠥᠭ ﹇2021﹈ 541 ᠳ᠋ᠤᠭᠡᠷ ᠲᠣᠭᠠᠲᠤ︶ | ︵ᠨᠠᠢᠮᠠ︶ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠲᠥᠰᠥᠯ︾ | ᠭᠤᠷᠪᠠ ᠂ ᠨᠠᠶᠢᠷᠠᠭᠤᠯᠤᠨ ᠲᠤᠭᠤᠷᠪᠢᠭᠰᠠᠨ ᠶᠠᠪᠤᠴᠠ | ︽ ᠲᠥᠯᠦᠪᠵᠢᠭᠦᠯᠭᠡ ︾ ᠶᠢ ᠨᠠᠶᠢᠷᠠᠭᠤᠯᠤᠨ ᠲᠤᠭᠤᠷᠪᠢᠬᠤ ᠳᠤ ᠡᠮᠦᠨᠡᠬᠢ ᠬᠤᠭᠤᠴᠠᠭᠠᠨ ᠤ ᠪᠡᠯᠡᠳᠬᠡᠯ ᠂ | ᠰᠡᠳᠬᠢᠮᠵᠢ ᠶᠢᠨ ᠰᠤᠳᠤᠯᠤᠯ ᠂ ᠲᠧᠺᠰᠲ ᠨᠠᠶᠢᠷᠠᠭᠤᠯᠬᠤ᠂ ᠰᠠᠨᠠᠯ ᠬᠤᠷᠢᠶᠠᠬᠤ ᠂ ᠬᠢᠨᠠᠨ ᠲᠣᠭᠲᠠᠭᠠᠵᠤ ᠨᠤᠲᠠᠯᠠᠬᠤ ᠪᠠ | ᠬᠢᠨᠠᠨ ᠶᠠᠷᠢᠯᠴᠠᠵᠤ ᠬᠡᠷᠡᠭᠵᠢᠭᠦᠯᠬᠦ ᠵᠡᠷᠭᠡ ᠱᠠᠲᠤ ᠦᠶ᠎ᠡ ᠶᠢ ᠥᠩᠭᠡᠷᠡᠭᠡᠵᠡᠢ ᠃ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ᠦᠶ᠎ᠡ ︵2021 ᠣᠨ ᠤ 12 ᠰᠠᠷ᠎ᠠ ~ 2022 | ᠣᠨ ᠤ 4 ᠰᠠᠷ᠎ᠠ︶ | ︽ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ︿ ᠪᠦᠬᠦ ᠤᠯᠤᠰ ᠤᠨ ᠰᠠᠭᠤᠷᠢ ᠬᠡᠮᠵᠢᠨ | ᠵᠢᠷᠤᠭᠯᠠᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ | ᠵᠦᠭᠯᠡᠭᠦᠷ ﹀ ᠢ ᠳᠠᠷᠤᠮᠠᠯᠯᠠᠨ ᠲᠠᠷᠬᠠᠭᠠᠬᠤ ᠲᠤᠬᠠᠢ ᠵᠠᠬᠢᠳᠠᠯ ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠰᠤᠷᠤᠯᠴᠠᠵᠤ ᠂ ︽ ᠲᠥᠯᠦᠪᠵᠢᠭᠦᠯᠭᠡ ︾ ᠶᠢ ᠨᠠᠶᠢᠷᠠᠭᠤᠯᠤᠨ ᠵᠣᠬᠢᠶᠠᠬᠤ ᠲᠣᠪᠴᠢ ᠶᠢ ᠲᠣᠭᠲᠠᠭᠠᠵᠤ ᠂ ᠦᠨᠳᠦᠰᠦᠨ | ᠰᠡᠳᠬᠢᠮᠵᠢ ᠶᠢ ᠲᠣᠭᠲᠠᠭᠠᠬᠤ ᠶᠢᠨ ᠬᠠᠮᠲᠤ ᠲᠤᠭᠤᠷᠪᠢᠨ ᠪᠢᠴᠢᠬᠦ ᠨᠢᠭᠡᠴᠢ ᠶᠢ ᠲᠣᠳᠣᠷᠬᠠᠶᠢᠯᠠᠵᠤ ᠂ ︽ | ᠲᠥᠯᠦᠪᠵᠢᠭᠦᠯᠭᠡ ︾ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠰᠠᠭᠤᠷᠢ ᠶᠢ ᠪᠠᠲᠤᠳᠬᠠᠪᠠ ᠃ | ︵ᠬᠤᠶᠠᠷ︶ ᠰᠡᠳᠬᠢᠮᠵᠢ ᠰᠤᠳᠤᠯᠬᠤ ᠱᠠᠲᠤ ᠦᠶ᠎ᠡ ︵2022 ᠣᠨ ᠤ 5 ᠰᠠᠷ᠎ᠠ ~ 6 ᠰᠠᠷ᠎ᠠ︶ | ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠ ᠰᠤᠳᠤᠯᠤᠨ ᠨᠤᠲᠠᠯᠠᠯᠲᠠ ᠬᠢᠬᠦ ᠪᠠᠷ ᠳᠠᠮᠵᠢᠨ᠂ | ᠶᠡᠷᠦᠩᠬᠡᠢ ᠰᠡᠳᠬᠢᠮᠵᠢ ᠪᠠᠨ ᠨᠢᠭᠲᠠᠷᠠᠭᠤᠯᠤᠨ ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ ᠂ ︽ ᠲᠥᠯᠦᠪᠵᠢᠭᠦᠯᠭᠡ ︾ | ᠶᠢᠨ ᠪᠣᠷᠣ ᠲᠥᠯᠥᠪ ᠢ ᠪᠦᠷᠢᠯᠳᠦᠭᠦᠯᠵᠦ ᠂ ︽ ᠲᠥᠯᠦᠪᠵᠢᠭᠦᠯᠭᠡ ︾ ᠳᠤ ᠣᠷᠤᠭᠤᠯᠬᠤ ᠴᠢᠬᠤᠯᠠ ᠭᠦᠢᠴᠡᠳᠬᠡᠯ | ᠲᠤᠭ᠎ᠠ ᠂ ᠭᠤᠣᠯ ᠡᠭᠦᠷᠭᠡ ᠪᠠ ᠲᠥᠷᠥᠯ ᠵᠥᠢᠯ᠂ ᠴᠢᠬᠤᠯᠠ ᠶᠡᠭᠡ ᠥᠭᠡᠷᠡᠴᠢᠯᠡᠯᠲᠡ ᠪᠠ ᠲᠦᠷᠦ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠵᠡᠷᠭᠡ ᠶᠢ ᠳᠤᠷᠠᠳᠤᠨ ᠭᠠᠷᠭᠠᠵᠤ ᠂ ︽ ᠲᠥᠯᠦᠪᠵᠢᠭᠦᠯᠭᠡ ︾ ᠶᠢ ᠨᠠᠶᠢᠷᠠᠭᠤᠯᠤᠨ ᠵᠣᠬᠢᠶᠠᠬᠤ ᠠᠵᠢᠯ ᠢ | ᠨᠠᠷᠢᠯᠢᠭᠵᠢᠭᠤᠯᠬᠤ ᠳᠤ ᠵᠢᠯᠤᠭᠤᠳᠬᠤ ᠭᠠᠷᠴᠠᠭ ᠬᠠᠩᠭᠠᠪᠠ ᠃ | ︵ᠭᠤᠷᠪᠠ︶ ᠲᠧᠺᠰᠲ ᠨᠠᠶᠢᠷᠠᠭᠤᠯᠬᠤ ᠱᠠᠲᠤ ᠦᠶ᠎ᠡ ︵2022 ᠣᠨ ᠤ 7 ᠰᠠᠷ᠎ᠠ ~ 2022 ᠣᠨ ᠤ 8 | ᠰᠠᠷ᠎ᠠ︶ | ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢ ᠥᠨᠳᠥᠰᠥᠯᠡᠨ᠂ ᠣᠳᠣᠬᠠᠨ ᠤ ᠤᠯᠠᠭᠠᠨᠬᠠᠳᠠ | ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ᠬᠥᠭᠵᠢᠯᠲᠡ ᠶᠢᠨ ᠣᠷᠴᠢᠨ | ᠲᠣᠭᠤᠷᠢᠨ ᠪᠠ ᠬᠡᠷᠡᠭᠴᠡᠭᠡ ᠶᠢ ᠵᠠᠳᠠᠯᠵᠤ ᠰᠤᠳᠤᠯᠤᠨ ᠮᠠᠭᠠᠳᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠵᠢᠴᠢ ᠬᠥᠭᠵᠢᠯᠲᠡ ᠶᠢᠨ | ᠬᠠᠷᠠᠯᠲᠠ ᠶᠢ ᠲᠣᠭᠲᠠᠭᠠᠵᠤ ᠂ ᠡᠭᠦᠷᠭᠡ ᠨᠢᠭᠡᠪᠦᠷᠢ ᠶᠢ ᠨᠠᠷᠢᠯᠢᠭᠵᠢᠭᠤᠯᠤᠨ ᠂ ᠲᠥᠷᠥᠯ ᠵᠦᠢᠯ ᠤᠨ ᠵᠠᠷᠤᠳᠠᠯ ᠤᠨ | ᠲᠥᠰᠥᠪ ᠢ ᠵᠢᠭᠰᠠᠭᠠᠵᠤ ᠂ ︽ ᠲᠥᠯᠦᠪᠵᠢᠭᠦᠯᠭᠡ ︵ ᠠᠩᠬᠠᠨ ᠤ ᠨᠣᠣᠷᠠᠭ ︶ ︾ ᠢ ᠪᠤᠢ ᠪᠤᠯᠭᠠᠵᠤ᠂ | ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠂ ᠲᠤᠰᠬᠠᠢ | ᠮᠡᠷᠭᠡᠵᠢᠯᠲᠡᠨ ᠤ ᠵᠥᠪᠯᠡᠯᠭᠡ ᠥᠭᠬᠦ ᠬᠤᠷᠠᠯ ᠵᠡᠷᠭᠡ ᠶᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠪᠠᠷ ᠳᠠᠮᠵᠢᠨ᠂ ︽ | ᠲᠥᠯᠦᠪᠵᠢᠭᠦᠯᠭᠡ ︵ ᠠᠩᠬᠠᠨ ᠤ ᠨᠣᠣᠷᠠᠭ ︶ ︾ ᠳᠤ ᠬᠡᠳᠦ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠂ | ᠰᠡᠭᠦᠯ ᠳᠤᠨᠢ ︽ ᠲᠥᠯᠦᠪᠵᠢᠭᠦᠯᠭᠡ ︵ ᠰᠠᠨᠠᠯ ᠬᠤᠷᠢᠶᠠᠬᠤ ᠨᠣᠣᠷᠠᠭ ︶ ︾ ᠢ ᠪᠤᠢ ᠪᠣᠯᠭᠠᠪᠠ ᠃ | ︵ᠳᠥᠷᠪᠡ︶ ᠰᠠᠨᠠᠯ ᠬᠤᠷᠢᠶᠠᠬᠤ ᠱᠠᠲᠤ ᠦᠶ᠎ᠡ ︵2022 ᠣᠨ ᠤ 9 ᠰᠠᠷ᠎ᠠ ~ 2022 ᠣᠨ ᠤ 12 | ᠰᠠᠷ᠎ᠠ︶ | ᠶᠤᠸᠠᠨ ᠪᠦᠦ ᠱᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠶᠢᠨ | ᠰᠠᠨᠠᠭᠤᠯᠭ᠎ᠠ ᠰᠠᠨᠠᠯ ᠢ ᠥᠷᠭᠡᠨ ᠢᠶᠠᠷ ᠴᠤᠭᠯᠠᠭᠤᠯᠵᠤ᠂ ︽ᠲᠥᠯᠦᠪᠵᠢᠭᠦᠯᠭᠡ ︵ᠰᠠᠨᠠᠯ ᠬᠤᠷᠢᠶᠠᠬᠤ ᠨᠣᠣᠷᠠᠭ︶︾ ᠳᠤ | ᠵᠠᠰᠠᠪᠤᠷᠢ ᠣᠷᠣᠭᠤᠯᠬᠤ ᠶᠢ ᠪᠡᠶᠡᠯᠡᠭᠦᠯᠪᠡ ᠃ | ︵ᠲᠠᠪᠤ︶ ᠬᠢᠨᠠᠨ ᠲᠣᠭᠲᠠᠭᠠᠵᠤ ᠨᠤᠲᠠᠯᠠᠬᠤ ᠱᠠᠲᠤ ᠦᠶ᠎ᠡ ︵2023 ᠣᠨ ᠤ 1 ᠳ᠋ᠤᠭᠡᠷ ᠰᠠᠷ᠎ᠠ ︱ 2023 | ᠣᠨ ᠤ 3 ᠳ᠋ᠤᠭᠠᠷ ᠰᠠᠷ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ | ᠵᠢᠷᠤᠭᠯᠠᠯᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠡᠮᠵᠢᠨ ᠵᠢᠷᠤᠭᠯᠠᠬᠤ ᠭᠠᠵᠠᠷ᠂ ᠤᠯᠠᠭᠠᠨᠬᠠᠳᠠ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠥᠭᠡᠴᠡᠯᠡᠨ ᠡᠮᠬᠢᠯᠡᠬᠦ ᠲᠥᠪ᠂ ᠤᠯᠠᠭᠠᠨᠬᠠᠳᠠ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠡᠮᠵᠢᠨ ᠵᠢᠷᠤᠭᠯᠠᠬᠤ ᠰᠠᠯᠠᠭ᠎ᠠ᠂ ᠲᠢᠶᠠᠨᠵᠢᠨ ᠬᠤᠲᠠ ᠶᠢᠨ ᠬᠡᠮᠵᠢᠨ | ᠵᠢᠷᠤᠭᠯᠠᠬᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠵᠡᠷᠭᠡ ᠨᠢᠭᠡᠴᠢ ᠶᠢᠨ ᠲᠤᠰᠬᠠᠢ ᠮᠡᠷᠭᠡᠵᠢᠯᠲᠡᠨ ᠢ ᠤᠷᠢᠨ ᠬᠢᠨᠠᠨ | ᠲᠣᠭᠲᠠᠭᠠᠬᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠬᠢᠨᠠᠨ ᠲᠣᠭᠲᠠᠭᠠᠭᠰᠠᠨ | ᠰᠠᠨᠠᠯ ᠢ ᠦᠨᠳᠦᠰᠦᠯᠡᠨ ︽ ᠲᠥᠯᠦᠪᠵᠢᠭᠦᠯᠭᠡ ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ | ︵ᠵᠢᠷᠭᠤᠭ᠎ᠠ︶ ᠬᠢᠨᠠᠨ ᠵᠥᠪᠯᠡᠵᠦ ᠬᠡᠷᠡᠭᠵᠢᠭᠦᠯᠬᠦ ᠱᠠᠲᠤ ᠦᠶ᠎ᠡ ︵2023 ᠣᠨ ᠤ 4 ᠰᠠᠷ᠎ᠠ ︱ 5 ᠰᠠᠷ᠎ᠠ︶ | ᠲᠣᠭᠤᠷᠢᠭ ᠤᠨ ᠵᠠᠰᠠᠭ ᠤᠨ ᠣᠷᠳᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠬᠢᠨᠠᠨ | ᠵᠦᠪᠯᠡᠯᠭᠡ ᠪᠠᠷ ᠪᠠᠲᠤᠯᠠᠭᠳᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠳᠥᠷᠪᠡ᠂ ᠲᠥᠯᠦᠪᠵᠢᠭᠦᠯᠭᠡ ᠶᠢᠨ ᠡᠭᠦᠷᠭᠡ | ︽ᠲᠥᠯᠦᠪᠵᠢᠭᠦᠯᠭᠡ︾ ᠳᠤ᠂ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ᠬᠥᠭᠵᠢᠯᠲᠡ ᠶᠢᠨ | ᠭᠤᠣᠯ ᠡᠭᠦᠷᠭᠡ ᠪᠣᠯ᠄ ᠣᠷᠣᠨ ᠪᠦᠰᠡ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ | ᠰᠠᠭᠤᠷᠢ ᠪᠠᠲᠤᠯᠠᠭ᠎ᠠ ᠶᠢ ᠪᠠᠲᠤᠳᠬᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠦᠢᠯᠡᠴᠢᠯᠡᠵᠦ ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠨ᠎ᠠ︔ ᠨᠡᠶᠢᠭᠡᠮ ᠤᠨ ᠬᠠᠮᠲᠤᠪᠠᠷ | ᠡᠳ᠋ᠯᠡᠬᠦ ᠬᠥᠭᠵᠢᠯᠲᠡ ᠳᠤ ᠦᠢᠯᠡᠴᠢᠯᠡᠵᠦ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ ᠃ ᠤᠳᠤ | ᠦᠶ᠎ᠡ ᠶᠢᠨ ᠬᠡᠮᠵᠢᠨ ᠵᠢᠷᠤᠭᠯᠠᠯᠲᠠ ᠶᠢᠨ ᠰᠠᠭᠤᠷᠢ ᠪᠠᠷᠢᠮᠵᠢᠶᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠰ | ᠳᠡᠪᠰᠢᠭᠦᠯᠦᠨ ᠥᠭᠡᠷᠡᠴᠢᠯᠡᠵᠦ ᠂ ᠰᠠᠭᠤᠷᠢ ᠬᠡᠮᠵᠢᠨ ᠵᠢᠷᠤᠭᠯᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ | ᠰᠢᠨᠡᠳᠬᠡᠵᠦ ᠂ ᠰᠢᠨ᠎ᠡ ᠬᠡᠯᠪᠡᠷᠢ ᠶᠢᠨ ᠰᠠᠭᠤᠷᠢ ᠬᠡᠮᠵᠢᠨ ᠵᠢᠷᠤᠭᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠪᠡᠶᠡᠯᠡᠭᠦᠯᠦᠨ ᠂ ︽ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠡ ︾ ᠶᠢᠨ ᠪᠠᠶᠢᠭᠤᠯᠤᠯᠲᠠ ᠶᠢ ᠥᠷᠨᠢᠭᠦᠯᠵᠦ ᠂ ᠭᠠᠵᠠᠷ | ᠵᠦᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠂ ᠬᠡᠮᠵᠢᠨ | ᠵᠢᠷᠤᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠂ | ᠴᠢᠳᠠᠪᠤᠷᠢᠲᠠᠨ ᠢ ᠴᠤᠭᠯᠠᠷᠠᠭᠤᠯᠬᠤ ᠬᠥᠴᠥᠯᠡᠴᠡ ᠶᠢ ᠴᠢᠩᠭᠠᠳᠬᠠᠨ᠎ᠠ ᠃ 2025 ᠣᠨ ᠪᠣᠯᠬᠤ ᠳᠤ ᠂ ᠶᠤᠸᠠᠨ ᠪᠦᠦ | ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠱᠠᠲᠤᠨ ᠳᠤ ᠵᠣᠬᠢᠴᠠᠭᠰᠠᠨ ᠰᠠᠭᠤᠷᠢ | ᠬᠡᠮᠵᠢᠨ ᠵᠢᠷᠤᠭᠯᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ ᠂ ᠣᠷᠣᠨ ᠵᠠᠢ ᠶᠢᠨ ᠪᠠᠶᠢᠷᠢᠰᠢᠯ ᠤᠨ | ᠦᠢᠯᠡᠴᠢᠯᠡᠭᠡ ᠶᠢ ᠨᠡᠩ ᠣᠨᠣᠪᠴᠢᠲᠠᠢ ᠪᠣᠯᠭᠠᠵᠤ ᠂ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠬᠠᠩᠭᠠᠯᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ ᠂ ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠬᠡᠮᠵᠢᠨ ᠵᠢᠷᠤᠭᠯᠠᠯᠲᠠ ᠶᠢᠨ ᠭᠠᠵᠠᠷ ᠵᠦᠢ ᠶᠢᠨ ᠮᠡᠳᠡᠭᠡ | ᠵᠠᠩᠭᠢ ᠶᠢᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠦᠨ᠎ᠡ ᠃ | ᠲᠠᠪᠤ ᠂ ᠲᠥᠯᠦᠪᠵᠢᠭᠦᠯᠭᠡ ᠶᠢᠨ ᠣᠨᠴᠠᠯᠢᠭ | ︽ᠲᠥᠯᠦᠪᠵᠢᠭᠦᠯᠭᠡ︾ ᠨᠢ ᠨᠡᠶᠢᠲᠡ ᠵᠢᠷᠭᠤᠭᠠᠨ ᠬᠡᠰᠡᠭ ᠪᠠᠶᠢᠵᠤ᠂ ᠲᠣᠰ ᠲᠣᠰ ᠬᠥᠭᠵᠢᠯᠲᠡ ᠶᠢᠨ ᠬᠠᠨᠳᠤᠰᠢ | ᠪᠠ ᠬᠡᠷᠡᠭᠴᠡᠭᠡ ᠶᠢᠨ ᠵᠠᠳᠠᠯᠤᠯᠲᠠ᠂ ᠬᠥᠭᠵᠢᠯᠲᠡ ᠶᠢᠨ ᠰᠠᠭᠤᠷᠢ ᠵᠢᠴᠢ ᠭᠤᠣᠯ ᠥᠷᠢᠰᠦᠯᠳᠦᠭᠡᠨ᠂ ᠶᠡᠷᠦᠩᠬᠡᠢ | ᠱᠠᠭᠠᠷᠳᠠᠯᠭ᠎ᠠ᠂ ᠭᠤᠣᠯ ᠡᠭᠦᠷᠭᠡ᠂ ᠵᠠᠷᠤᠳᠠᠯ ᠤᠨ ᠲᠥᠰᠥᠪ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ | ︽ᠲᠥᠯᠦᠪᠵᠢᠭᠦᠯᠭᠡ︾ ᠶᠢᠨ ᠣᠨᠴᠠᠯᠢᠭ᠄ ᠨᠢᠭᠡ ᠳᠤ ᠂ ᠬᠡᠮᠵᠢᠨ ᠵᠢᠷᠤᠭᠯᠠᠯᠲᠠ ᠶᠢᠨ ᠪᠥᠬᠦ ᠠᠵᠢᠯ ᠢ ᠬᠠᠮᠤᠷᠴᠤ᠂ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠢᠨᠠᠨ | ᠵᠥᠪᠰᠢᠶᠡᠷᠡᠬᠦ ᠲᠥᠯᠦᠪᠵᠢᠭᠦᠯᠭᠡ ᠳᠤ ᠣᠷᠣᠭᠤᠯᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠭᠤᠷᠢ ᠬᠡᠮᠵᠢᠨ ᠵᠢᠷᠤᠭᠯᠠᠯᠲᠠ ᠶᠢᠨ ᠠᠵᠢᠯ ᠢ ᠴᠢᠬᠤᠯᠠᠴᠢᠯᠠᠵᠤ | ᠪᠠᠶᠢᠬᠤ ᠶᠢ ᠢᠯᠡᠷᠡᠭᠦᠯᠪᠡ︔ ᠬᠤᠶᠠᠷ ᠲᠤ ᠂ ︽ ᠲᠥᠯᠦᠪᠵᠢᠭᠦᠯᠭᠡ ︾ ᠳᠤ ᠬᠡᠮᠵᠢᠨ ᠵᠢᠷᠤᠭᠯᠠᠯᠲᠠ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠶᠢ ᠭᠦᠢᠴᠡᠳ ᠨᠠᠶᠢᠳᠠᠪᠤᠷᠢᠵᠢᠭᠤᠯᠵᠤ ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢ ᠲᠤᠯᠭᠠᠭᠤᠷᠢᠯᠠᠬᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠦᠢᠯᠡᠴᠢᠯᠡᠬᠦ ᠂ ᠡᠯ᠎ᠡ | ᠠᠵᠢᠯ ᠲᠦᠷᠦᠯ ᠤᠨ ᠬᠡᠷᠡᠭᠴᠡᠭᠡ ᠶᠢ ᠲᠤᠯᠭᠠᠭᠤᠷᠢᠯᠠᠬᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ | ᠪᠠᠶᠢᠷᠢ ᠲᠣᠭᠲᠠᠭᠠᠯᠲᠠ ᠶᠢ ᠢᠯᠡᠷᠡᠭᠦᠯᠪᠡ︔ ᠭᠤᠷᠪᠠ ᠳᠤ᠂ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ | ᠨᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠᠷ ᠶᠡᠷᠦᠩᠬᠡᠶᠢᠯᠡᠨ | ᠵᠠᠬᠢᠷᠤᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ | ᠪᠣᠯᠭᠠᠬᠤ ᠶᠢ ᠵᠢᠷᠤᠮᠯᠠᠪᠠ ︔ ᠳᠥᠷᠪᠡ ᠳᠤ ᠂ ︽ ᠲᠥᠯᠦᠪᠵᠢᠭᠦᠯᠭᠡ ︾ ᠳᠤ ᠭᠤᠣᠯ ᠡᠭᠦᠷᠭᠡ ᠶᠢ ᠲᠣᠳᠣᠷᠬᠠᠶᠢᠯᠠᠪᠠ ︔ | ᠲᠠᠪᠤ ᠳᠤ ᠂ ︽ ᠲᠥᠯᠦᠪᠵᠢᠭᠦᠯᠭᠡ ︾ ᠳᠤ ᠬᠡᠮᠵᠢᠨ ᠵᠢᠷᠤᠭᠯᠠᠯᠲᠠ ᠶᠢᠨ ᠰᠢᠨ᠎ᠡ ᠮᠡᠷᠭᠡᠵᠢᠯ ᠢ ᠬᠡᠷᠡᠭᠯᠡᠨ ᠬᠠᠩᠭᠠᠯᠭ᠎ᠠ | ᠬᠡᠷᠡᠭᠴᠡᠭᠡᠨ ᠤ ᠪᠡᠷᠬᠡ ᠰᠡᠳᠦᠪ ᠢ ᠰᠢᠢᠳᠪᠦᠷᠢᠯᠡᠬᠦ ᠶᠢ ᠢᠯᠡᠷᠡᠭᠦᠯᠪᠡ︔ ᠵᠢᠷᠭᠤᠭ᠎ᠠ ᠳᠤ ᠂ ︽ ᠲᠥᠯᠦᠪᠵᠢᠭᠦᠯᠭᠡ ︾ ᠶᠢᠨ | ᠲᠥᠷᠥᠯ ᠵᠥᠢᠯ ᠵᠢᠴᠢ ᠵᠠᠷᠤᠳᠠᠯ ᠨᠢ ᠪᠣᠲᠠᠲᠠᠢ ᠪᠥᠭᠡᠳ ᠬᠡᠷᠡᠭᠵᠢᠭᠦᠯᠵᠦ ᠪᠣᠯᠬᠤᠶᠢᠴᠠ ᠪᠠᠶᠢᠵᠤ᠂ ᠦᠨᠡᠨ ᠠᠴᠠ | ᠵᠥᠪ ᠢ ᠡᠷᠢᠵᠦ ᠂ ᠲᠥᠰᠥᠪ ᠨᠢ ᠠᠷᠪᠢᠯᠠᠨ ᠭᠠᠮᠨᠠᠬᠤ ᠵᠠᠷᠴᠢᠮ ᠢ ᠢᠯᠡᠷᠡᠭᠦᠯᠪᠡ ᠃ | |