︽ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/7
    ᠶᠤᠸᠠᠨ ᠪᠦᠦ ᠱᠠᠨ ᠲᠣᠭᠤᠷᠢᠭ ︽ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ ᠲᠥᠰᠥᠯ︾ ᠭᠡᠵᠦ ᠲᠣᠪᠴᠢᠯᠠᠨ᠎ᠠ᠃ ︽ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠨᠠᠩ ᠰᠠᠶᠢᠨ ᠣᠶᠢᠯᠠᠭᠠᠨ ᠲᠤᠭᠤᠰᠢᠯᠠᠭᠤᠯᠬᠤ ᠶᠢᠨ ᠲᠥᠯᠥᠭᠡ᠂ ᠡᠳᠦᠭᠡ ︽ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠤᠨ ᠲᠤᠬᠠᠢ ᠲᠠᠶᠢᠯᠤᠮᠵᠢ ᠬᠢᠶ᠎ᠡ᠃    ᠨᠢᠭᠡ᠂ ᠲᠣᠭᠲᠠᠭᠠᠬᠤ ᠵᠣᠷᠢᠯᠭ᠎ᠠ    ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠨᠵᠢᠯᠡᠬᠦ ᠤᠬᠠᠭᠠᠨᠴᠢ ᠂ ᠪᠦᠲᠦᠮᠵᠢᠲᠡᠢ ᠂ ᠲᠦᠷᠭᠡᠨ ᠰᠢᠢᠳᠪᠦᠷᠢᠯᠡᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃    ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ ︾ ᠂ ︽ᠴᠠᠬᠢᠯᠭᠠᠨ ᠲᠣᠣᠷ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 115 ᠳ᠋ᠤᠭᠠᠷ ᠵᠠᠷᠯᠢᠭ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 493 ᠳ᠋ᠤᠭᠠᠷ ᠵᠠᠷᠯᠢᠭ ︶᠂ ︽ᠴᠠᠬᠢᠯᠭᠠᠨ ᠬᠦᠴᠦᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ᠂ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 599 ᠳ᠋ᠦ᠋ᠭᠡᠷ ᠵᠠᠷᠯᠢᠭ ︶ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠢ ᠬᠠᠩᠭᠠᠬᠤ ᠪᠠ ᠬᠡᠷᠡᠭᠯᠡᠬᠦ ᠳᠦᠷᠢᠮ ︾ ᠂ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 666 ᠳ᠋ᠤᠭᠠᠷ ᠵᠠᠷᠯᠢᠭ ︶ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 708 ᠳ᠋ᠤᠭᠠᠷ ᠵᠠᠷᠯᠢᠭ ︶ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ ᠲᠦᠷᠦ ᠠᠯᠪᠠᠨ ᠲᠠᠷᠬᠠᠭᠠᠭᠰᠠᠨ〔2005〕11  ᠳ᠋ᠤᠭᠡᠷ ᠲᠣᠭᠠᠲᠤ ︶᠂ ︽ᠤᠯᠤᠰ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠲᠥᠷᠥ ᠠᠯᠪᠠᠨ ᠵᠠᠬᠢᠳᠠᠯ ﹇2015﹈ 134 ᠳ᠋ᠤᠭᠡᠷ ᠲᠣᠭᠠᠲᠤ︶ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ ︶ ︽ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠭᠦᠸᠧ ᠨᠧᠩ ᠶᠡᠷᠦᠩᠬᠡᠢ ᠠᠮᠤᠷ ᠲᠦᠪᠰᠢᠨ ﹇2016﹈ 490 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 113 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2020 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠥᠨᠳᠥᠰᠥᠯᠡᠨ ᠲᠤᠰ ᠪᠡᠯᠡᠳᠬᠡᠯ ᠲᠥᠰᠥᠯ ᠢ ᠲᠣᠭᠲᠠᠭᠠᠪᠠ ᠃    ᠭᠤᠷᠪᠠ ᠂ ᠭᠤᠣᠯ ᠠᠭᠤᠯᠭ᠎ᠠ    ︽ᠲᠥᠯᠦᠪᠵᠢᠭᠦᠯᠭᠡ︾᠎ ᠨᠢ ᠨᠡᠶᠢᠲᠡ 7 ᠬᠡᠰᠡᠭ ᠪᠠᠶᠢᠵᠤ᠂ ᠲᠣᠰ ᠲᠣᠰ ᠶᠡᠷᠦᠩᠬᠡᠢ ᠳᠦᠷᠢᠮ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠠᠶᠤᠯ ᠲᠦᠭᠰᠢᠭᠦᠷᠢ ᠵᠢᠴᠢ ᠬᠤᠣᠷ ᠬᠥᠨᠥᠭᠡᠯ ᠤᠨ ᠬᠡᠮᠵᠢᠶ᠎ᠡ ᠶᠢ ᠵᠠᠳᠠᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 7 ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃    ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ ᠃ ᠨᠠᠶᠢᠷᠠᠭᠤᠯᠤᠨ ᠵᠣᠬᠢᠶᠠᠬᠤ ᠵᠣᠷᠢᠯᠭ᠎ᠠ ᠂ ᠨᠠᠶᠢᠷᠠᠭᠤᠯᠤᠨ ᠵᠣᠬᠢᠶᠠᠬᠤ ᠦᠨᠳᠦᠰᠦᠯᠡᠯ ᠂ ᠬᠡᠷᠡᠭᠯᠡᠬᠦ ᠬᠡᠪᠴᠢᠶ᠎ᠡ ᠂ ᠠᠵᠢᠯ ᠤᠨ ᠵᠠᠷᠴᠢᠮ ᠂ ᠬᠡᠷᠡᠭ ᠶᠠᠪᠤᠳᠠᠯ ᠤᠨ ᠲᠡᠰ ᠵᠡᠷᠭᠡ 7 ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ ᠃    ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯᠣᠨ᠎ᠠ ᠃ ᠲᠣᠭᠤᠷᠢᠭ ᠤᠨ ᠵᠠᠰᠠᠭ ᠤᠨ ᠣᠷᠳᠣᠨ ᠨᠢ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠦᠨᠳᠦ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠬᠤ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠠᠬᠢᠯᠭᠠᠨ ᠬᠦᠴᠦᠨ ᠤ ᠠᠵᠤ ᠠᠬᠤᠶᠢᠯᠠᠯ᠂ ᠴᠠᠬᠢᠯᠭᠠᠨ ᠬᠦᠴᠦᠨ ᠤ ᠬᠡᠷᠡᠭᠯᠡᠭᠴᠢᠳ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠮᠢᠶ᠎ᠠ ᠪᠦᠬᠦᠢ ᠪᠡᠯᠡᠳᠬᠡᠯ ᠲᠥᠰᠥᠯ ᠶᠣᠰᠣᠭᠠᠷ ᠰᠢᠢᠳᠪᠦᠷᠢᠯᠡᠬᠦ ᠠᠵᠢᠯ ᠥᠷᠨᠢᠭᠦᠯᠬᠦ ᠶᠢ ᠵᠢᠯᠤᠭᠤᠳᠬᠤ᠂ ᠵᠣᠬᠢᠴᠠᠭᠤᠯᠬᠤ᠂ ᠳᠡᠮᠵᠢᠬᠦ ᠶᠢ ᠬᠠᠷᠢᠭᠤᠴᠠᠵᠤ᠂ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠨᠵᠢᠯᠡᠬᠦ ᠤᠬᠠᠭᠠᠨᠴᠢ ᠂ ᠪᠦᠲᠦᠮᠵᠢᠲᠡᠢ ᠂ ᠲᠦᠷᠭᠡᠨ ᠰᠢᠢᠳᠪᠦᠷᠢᠯᠡᠵᠦ ᠂ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃    ᠭᠤᠷᠪᠠᠳᠤᠭᠠᠷ ᠬᠡᠰᠡᠭ ᠨᠢ ᠠᠶᠤᠯ ᠲᠦᠭᠰᠢᠭᠦᠷᠢ ᠵᠢᠴᠢ ᠬᠤᠣᠷ ᠬᠥᠨᠥᠭᠡᠯ ᠤᠨ ᠬᠡᠮᠵᠢᠶ᠎ᠡ ᠶᠢᠨ ᠵᠠᠳᠠᠯᠤᠯᠲᠠ ᠪᠣᠯᠣᠨ᠎ᠠ ᠃ ᠶᠤᠸᠠᠨ ᠪᠦᠦ ᠱᠠᠨ ᠲᠣᠭᠤᠷᠢᠭ ᠲᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠴᠤ ᠮᠡᠳᠡᠬᠦ ᠴᠠᠬᠢᠯᠭᠠᠨ ᠤ ᠲᠣᠣᠷ ᠤᠨ  ᠵᠢᠶᠠᠰᠠ ᠂ ᠴᠠᠬᠢᠯᠭᠠᠨ ᠤ ᠲᠣᠣᠷ ᠤᠨ ᠲᠠᠩ ᠱᠤᠭᠤᠮ ᠤᠨ ᠠᠵᠢᠯᠯᠠᠭ᠎ᠠ ᠂ ᠭᠠᠵᠠᠷ ᠤᠨ ᠪᠠᠶᠢᠴᠠ ᠭᠠᠵᠠᠷ ᠰᠢᠨᠵᠢᠯᠡᠭᠡ ᠵᠢᠴᠢ ᠠᠭᠤᠷ ᠠᠮᠢᠰᠬᠤᠯ ᠤᠨ ᠬᠤᠪᠢᠷᠠᠯᠲᠠ ᠂ ᠭᠠᠳᠠᠭᠠᠳᠤ ᠬᠦᠴᠦᠨ ᠤ ᠡᠪᠳᠡᠯᠡᠭᠡ ᠪᠤᠶᠤ ᠬᠦᠨᠳᠦ ᠶᠡᠭᠡ ᠨᠡᠶᠢᠭᠡᠮ ᠤᠨ ᠠᠮᠤᠷ ᠲᠦᠪᠰᠢᠨ ᠤ ᠬᠡᠷᠡᠭ ᠂ ᠵᠣᠬᠢᠰ ᠦᠭᠡᠢ ᠰᠢᠢᠳᠪᠦᠷᠢᠯᠡᠭᠰᠡᠨ ᠵᠡᠷᠭᠡ ᠭᠤᠣᠯ ᠠᠶᠤᠯ ᠲᠦᠭᠰᠢᠭᠦᠷᠢ ᠶᠢᠨ ᠴᠡᠭ ᠢ ᠵᠠᠳᠠᠯᠪᠠ ︔ ᠴᠢᠬᠤᠯᠠ ᠪᠠᠶᠢᠭᠤᠯᠤᠮᠵᠢ᠂ ᠠᠶᠤᠯ ᠶᠡᠬᠡᠲᠡᠢ ᠬᠡᠷᠡᠭᠯᠡᠭᠴᠢ᠂ ᠬᠥᠮᠥᠨ ᠠᠮᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠲᠠᠰᠤᠯᠳᠠᠭᠰᠠᠨ ᠵᠡᠷᠭᠡ ᠠᠴᠠ ᠪᠣᠯᠤᠭᠰᠠᠨ ᠬᠤᠣᠷ ᠬᠥᠨᠥᠭᠡᠯ ᠢ ᠵᠠᠳᠠᠯᠪᠠ᠃    ᠳᠥᠷᠪᠡᠳᠦᠭᠡᠷ ᠬᠡᠰᠡᠭ ᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠮᠡᠳᠡᠭᠦᠯᠬᠦ ᠶᠠᠪᠤᠳᠠᠯ ᠪᠣᠯᠣᠨ᠎ᠠ ᠃ ᠬᠢᠨᠠᠨ ᠬᠡᠮᠵᠢᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂ ᠰᠡᠷᠡᠮᠵᠢᠯᠡᠭᠦᠯᠬᠦ ᠠᠵᠢᠯᠯᠠᠭ᠎ᠠ᠂ ᠰᠡᠷᠡᠮᠵᠢᠯᠡᠭᠦᠯᠦᠯ ᠢ ᠬᠦᠴᠦᠨ ᠦᠭᠡᠢ ᠪᠣᠯᠭᠠᠬᠤ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠠᠵᠢᠯᠯᠠᠭᠠᠨ ᠤ ᠲᠣᠭᠲᠠᠴᠠ ᠶᠢ ᠲᠣᠳᠣᠷᠬᠠᠶᠢᠯᠠᠵᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠪᠠᠯ ᠴᠠᠭ ᠲᠤᠬᠠᠢ ᠳᠤᠨᠢ᠂ ᠪᠦᠲᠦᠮᠵᠢᠲᠡᠢ᠂ ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃    ᠲᠠᠪᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠬᠤ ᠶᠢᠨ ᠬᠠᠷᠢᠭᠤ ᠲᠤᠰᠬᠠᠯ ᠪᠣᠯᠣᠨ᠎ᠠ ᠃ ᠳᠠᠭᠠᠬᠤ ᠶᠢ ᠲᠠᠰ ᠬᠤᠪᠢᠶᠠᠬᠤ᠂ ᠳᠠᠭᠠᠬᠤ ᠠᠷᠭ᠎ᠠ ᠬᠡᠮᠵᠢᠶ᠎ᠡ᠂  ᠲᠣᠭᠤᠷᠢᠭ ᠤᠨ ᠵᠠᠰᠠᠭ ᠤᠨ ᠣᠷᠳᠣᠨ ᠤ ᠲᠠᠰ ᠳᠠᠪᠬᠤᠷᠭ᠎ᠠ ᠶᠢᠨ ᠠᠷᠭᠠᠴᠠᠬᠤ᠂ ᠳᠠᠭᠠᠬᠤ ᠶᠢ ᠳᠠᠭᠤᠰᠬᠠᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃    ᠵᠢᠷᠭᠤᠳᠤᠭᠠᠷ ᠬᠡᠰᠡᠭ ᠨᠢ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠪᠣᠯᠣᠨ᠎ᠠ ᠃ ᠰᠢᠢᠳᠪᠦᠷᠢᠯᠡᠬᠦ ᠶᠢ ᠦᠨᠡᠯᠡᠨ ᠵᠢᠱᠢᠬᠦ᠂ ᠬᠡᠷᠡᠭ ᠢ ᠪᠠᠶᠢᠴᠠᠭᠠᠬᠤ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠢ ᠲᠣᠭᠲᠠᠭᠠᠪᠠ᠃    ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠃ ᠲᠣᠰ ᠲᠣᠰ ᠡᠩᠨᠡᠭᠡ᠂ ᠲᠣᠨᠤᠭ ᠲᠥᠬᠦᠭᠡᠷᠦᠮᠵᠢ ᠡᠳ᠋ ᠪᠣᠳᠠᠰ᠂ ᠮᠡᠳᠡᠭᠡ ᠬᠤᠯᠪᠣᠭ᠎ᠠ᠂ ᠵᠠᠮ ᠲᠡᠭᠡᠭᠡᠪᠦᠷᠢ᠂ ᠮᠡᠷᠭᠡᠵᠢᠯ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ᠂ ᠪᠡᠯᠡ ᠮᠥᠩᠭᠦ᠂ ᠤᠬᠠᠭᠤᠯᠭ᠎ᠠ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃    ᠲᠠᠶᠢᠯᠤᠮᠵᠢ ᠬᠢᠭᠰᠡᠨ ᠨᠢᠭᠡᠴᠢ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1