ᠥᠪᠥᠷ ᠮᠣᠩᠭᠤᠯ 45 ᠳ᠋ᠦᠩᠰᠢᠭᠤᠷ ᠲᠥᠭᠦᠷᠢᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠪᠠ
ᠨᠡᠶᠢᠲᠡᠯᠡᠭᠰᠡᠨ ᠴᠠᠭ᠄
2023/6/8
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2023 ᠣᠨ ᠤ 45 ᠳ᠋ᠦᠩᠰᠢᠭᠤᠷ ᠲᠥᠭᠦᠷᠢᠭ ᠤᠨ ᠤᠷᠢᠳᠴᠢᠯᠠᠨ ᠲᠠᠷᠠᠭᠠᠬᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠪᠠ᠃    ᠡᠭᠦᠨ ᠳᠤ᠂ 10 ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 9.78 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 2.98% ᠪᠣᠯᠣᠨ᠎ᠠ︔ 15 ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 17.7020 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 3.12% ᠪᠣᠯᠣᠨ᠎ᠠ︔ 20 ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 17.5180 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 3. 2% ᠪᠣᠯᠣᠨ᠎ᠠ᠃ ᠳᠠᠭᠠᠭᠠᠨ ᠪᠣᠷᠣᠯᠠᠭᠤᠯᠤᠭᠰᠠᠨ ᠪᠠᠶᠢᠳᠠᠯ ᠠᠴᠠ ᠦᠵᠡᠪᠡᠯ᠂ ᠪᠠᠩᠬᠢ ᠠᠴᠠ ᠳᠠᠭᠠᠭᠠᠨ ᠪᠣᠷᠣᠯᠠᠭᠤᠯᠤᠭᠰᠠᠨ ᠵᠢᠭᠡᠯᠡᠯᠭᠡ ᠶᠢᠨ ᠲᠡᠮᠳᠡᠭᠲᠦ 44.1 ᠳ᠋ᠦᠩᠰᠢᠭᠤᠷ ᠲᠥᠭᠦᠷᠢᠭ ᠲᠤ ᠬᠦᠷᠴᠦ᠂ 98 %᠎ ᠶᠢ ᠡᠵᠡᠯᠡᠵᠦ ᠪᠠᠶᠢᠨ᠎ᠠ︔ ᠲᠡᠮᠳᠡᠭᠲᠦ ᠶᠢᠨ ᠬᠤᠳᠠᠯᠳᠤᠭᠠᠴᠢᠨ 0.9 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠵᠤ᠂ 2%᠎ ᠢ ᠡᠵᠡᠯᠡᠵᠡᠢ᠃    ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠦᠬᠦᠨ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠬᠦᠷᠢᠶ᠎ᠡ ᠴᠠᠷᠠᠭ᠎ᠠ ᠬᠤᠪᠢᠶᠠᠨ ᠦᠵᠡᠪᠡᠯ᠂ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 16.25 ᠳ᠋ᠦᠩᠰᠢᠭᠤᠷ ᠲᠥᠭᠦᠷᠢᠭ ᠲᠤ ᠬᠦᠷᠴᠦ᠂ 36%᠎ ᠶᠢ ᠡᠵᠡᠯᠡᠨ᠎ᠡ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 5.2 ᠳ᠋ᠦᠩᠰᠢᠭᠤᠷ ᠲᠥᠭᠦᠷᠢᠭ ᠲᠤ ᠬᠦᠷᠴᠦ᠂ 11.6%᠎ ᠶᠢ ᠡᠵᠡᠯᠡᠨ᠎ᠡ︔ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 2.2 ᠳ᠋ᠦᠩᠰᠢᠭᠤᠷ ᠲᠥᠭᠦᠷᠢᠭ ᠲᠤ ᠬᠦᠷᠴᠦ᠂ 4.9%᠎ ᠶᠢ ᠡᠵᠡᠯᠡᠨ᠎ᠡ ︔ ᠤᠮᠠᠷᠠᠰᠢ ᠨᠡᠭᠡᠭᠡᠯᠲᠡ ᠬᠢᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 1.2 ᠳ᠋ᠦᠩᠰᠢᠭᠤᠷ ᠲᠥᠭᠦᠷᠢᠭ ᠲᠤ ᠬᠦᠷᠴᠦ᠂ 2. 7%᠎ ᠶᠢ ᠡᠵᠡᠯᠡᠨ᠎ᠡ᠃ ᠡᠭᠦᠨ ᠤ ᠬᠠᠮᠲᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠣᠲᠣᠷ᠎ᠠ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠵᠠᠰᠠᠭ ᠤᠨ ᠣᠷᠳᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 15.37 ᠳ᠋ᠦᠩᠰᠢᠭᠤᠷ ᠲᠥᠭᠦᠷᠢᠭ ᠪᠠᠶᠢᠵᠤ᠂ 34.2%᠎ ᠢ ᠡᠵᠡᠯᠡᠨ᠎ᠡ︔ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 4.5 ᠳ᠋ᠦᠩᠰᠢᠭᠤᠷ ᠲᠥᠭᠦᠷᠢᠭ ᠪᠠᠶᠢᠵᠤ᠂ 10%᠎ ᠶᠢ ᠡᠵᠡᠯᠡᠨ᠎ᠡ︔ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 0.28 ᠳ᠋ᠦᠩᠰᠢᠭᠤᠷ ᠲᠥᠭᠦᠷᠢᠭ ᠪᠠᠶᠢᠵᠤ᠂ 0.6%᠎ ᠶᠢ ᠡᠵᠡᠯᠡᠨ᠎ᠡ᠃    ᠣᠶᠢᠯᠠᠭᠠᠭᠰᠠᠨ ᠢᠶᠠᠷ᠂ ᠠᠮᠵᠢᠯᠲᠠ ᠲᠠᠢ ᠪᠠᠷ ᠲᠠᠷᠬᠠᠭᠠᠭᠰᠠᠨ ᠲᠣᠰ ᠪᠦᠯᠦᠭ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠥᠬᠦᠨ ᠢ ᠨᠢᠭᠡᠨᠲᠡ ᠲᠥᠷᠥᠯ ᠵᠦᠢᠯ ᠤᠨ ᠬᠠᠷᠢᠶ᠎ᠠ ᠬᠤᠰᠢᠭᠤ ᠰᠢᠶᠠᠨ ︵ᠲᠣᠭᠤᠷᠢᠭ︶᠎ ᠳᠤ ᠰᠢᠯᠵᠢᠭᠦᠯᠦᠨ ᠥᠭᠭᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠬᠤ ᠳᠤ ᠪᠠᠨ᠂ ᠬᠤᠰᠢᠭᠤ ᠰᠢᠶᠠᠨ ︵ᠲᠣᠭᠤᠷᠢᠭ︶ ᠵᠢᠴᠢ ᠲᠥᠷᠥᠯ ᠵᠦᠢᠯ ᠤᠨ ᠬᠠᠷᠢᠶ᠎ᠠ ᠨᠢᠭᠡᠴᠢ ᠨᠦᠭᠦᠳ ᠪᠣᠳᠠᠲᠠᠢ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠪᠡᠯᠡ ᠣᠷᠤᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1