ᠶᠤᠸᠠᠨ ᠪᠦᠦ ᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/8
    6 ᠰᠠᠷ᠎ᠠ ᠶᠢᠨ 6᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠯᠢᠩ ᠶᠠᠨ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢ ᠶᠢᠨ ᠵᠥᠪᠯᠡᠯ ᠤᠨ ᠪᠦᠷᠢᠯᠳᠦᠭᠦᠨ᠂ ᠭᠤᠣᠯᠯᠠᠭᠴᠢ ᠮᠡᠳᠡᠭᠡ ᠵᠠᠩᠭᠢᠴᠢ ᠵᠢᠴᠢ ᠬᠤᠯᠪᠣᠭᠳᠠᠯ ᠪᠦᠬᠦᠢ ᠨᠢᠭᠡᠴᠢ ᠶᠢᠨ ᠣᠨᠴᠠ ᠤᠷᠢᠭᠰᠠᠨ ᠮᠡᠳᠡᠭᠡ ᠵᠠᠩᠭᠢᠴᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ 2023 ᠣᠨ ᠤ ᠳᠡᠭᠡᠷ᠎ᠡ ᠬᠠᠭᠠᠰ ᠵᠢᠯ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ᠢ ᠮᠡᠳᠡᠭᠳᠡᠪᠡ︔ ᠣᠨᠴᠠ ᠤᠷᠢᠭᠰᠠᠨ ᠮᠡᠳᠡᠭᠡ ᠵᠠᠩᠭᠢᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠬᠤ ᠶᠢᠨ ᠬᠠᠮᠲᠤ ᠶᠠᠭᠤ ᠶᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠭᠡᠬᠦ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠬᠡᠷᠬᠢᠨ ᠲᠤᠰᠬᠠᠬᠤ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠴᠢᠨᠠᠷ ᠰᠠᠶᠢᠲᠠᠢ ᠮᠡᠳᠡᠭᠡ ᠵᠠᠩᠭᠢ ᠶᠢ ᠬᠡᠷᠬᠢᠨ ᠪᠢᠴᠢᠬᠦ ᠵᠡᠷᠭᠡ ᠲᠠᠯ᠎ᠠ ᠪᠠᠷ ᠪᠣᠯᠪᠠᠰᠤᠷᠠᠯ ᠬᠦᠷᠲᠡᠭᠡᠪᠡ ᠃   ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠲᠤᠬᠠᠢ ᠯᠢᠦ ᠯᠢᠩ ᠶᠠᠨ ᠴᠢᠬᠤᠯᠠᠴᠢᠯᠠᠬᠤ ᠳᠠᠭᠠᠨ᠂ ᠲᠠᠨᠢᠯᠲᠠ ᠪᠠᠨ ᠳᠡᠭᠡᠭᠰᠢᠯᠡᠭᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠰᠠᠶᠢᠲᠤᠷ ᠬᠢᠬᠦ ᠬᠡᠷᠡᠭᠲᠡᠢ︔ ᠳᠤᠷᠠᠲᠠᠶ᠎ᠠ ᠬᠤᠪᠢ ᠨᠡᠮᠡᠷᠢ ᠦᠵᠡᠭᠦᠯᠵᠦ ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠂ ᠬᠠᠷᠢᠭᠤᠴᠠᠯᠭ᠎ᠠ ᠶᠢᠨ ᠤᠬᠠᠮᠰᠠᠷ ᠂ ᠬᠤᠪᠢ ᠨᠡᠮᠡᠷᠢ ᠦᠵᠡᠭᠦᠯᠬᠦ ᠤᠬᠠᠮᠰᠠᠷ ᠢ ᠪᠠᠲᠤ ᠪᠤᠢ ᠪᠣᠯᠭᠠᠵᠤ ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠴᠢᠨᠠᠷ ᠰᠠᠶᠢᠲᠠᠢ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ ︔ ᠲᠣᠭᠲᠠᠴᠠ ᠪᠠᠨ ᠲᠡᠭᠦᠯᠳᠡᠷᠵᠢᠭᠦᠯᠵᠦ ᠂ ᠨᠡᠪᠲᠡᠷᠡᠯᠴᠡᠭᠡ ᠪᠠᠨ ᠴᠢᠩᠭᠠᠳᠬᠠᠵᠤ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1