ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠰᠠᠶᠢᠲᠤᠷ | ᠬᠢᠬᠦ ᠨᠢ ᠲᠦᠭ ᠲᠦᠮᠡᠨ ᠭᠡᠷ ᠪᠦᠯᠢ ᠶᠢᠨ ᠪᠤᠶᠠᠨ ᠵᠢᠷᠭᠠᠯ ᠳᠤ ᠬᠤᠯᠪᠣᠭᠳᠠᠵᠤ᠂ ᠪᠥᠬᠦ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠶᠤᠸᠠᠨ ᠪᠦᠦ ᠱᠠᠨ ᠲᠣᠭᠤᠷᠢᠭ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ | ᠣᠯᠭᠤᠯᠲᠠ ᠶᠢᠨ ᠬᠡᠷᠡᠭᠴᠡᠭᠡ ᠣᠯᠠᠨ ᠶᠠᠩᠵᠤ ᠶᠢᠨ ᠪᠥᠭᠡᠳ ᠵᠥᠷᠢᠶᠡᠲᠥ ᠴᠢᠨᠠᠷ ᠲᠠᠢ ᠣᠨᠴᠠᠯᠢᠭ ᠲᠤ ᠴᠢᠭᠯᠡᠭᠦᠯᠦᠨ᠂ | 40 ᠠᠵᠤ ᠠᠬᠤᠶᠢᠯᠠᠯ ᠤᠨ ᠬᠦᠴᠦᠨ ᠤ ᠡᠬᠢ ᠪᠠᠶᠠᠯᠢᠭ ᠢ ᠨᠢᠭᠲᠠᠷᠠᠭᠤᠯᠵᠤ᠂ ᠴᠢᠳᠠᠪᠤᠷᠢᠲᠠᠨ ᠤ ᠬᠠᠩᠭᠠᠯᠭ᠎ᠠ ᠶᠢᠨ | ᠬᠠᠳᠠᠭᠠᠯᠠᠯᠲᠠ ᠶᠢᠨ ᠬᠡᠮᠵᠢᠶ᠎ᠡ ᠶᠢ ᠥᠷᠭᠡᠳᠬᠡᠨ᠂ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠲᠠᠪᠴᠠᠩ ᠢ | ᠪᠠᠶᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠠᠵᠢᠯ ᠤᠨ ᠪᠠᠶᠢᠷᠢ ᠪᠠ ᠠᠵᠠ ᠲᠣᠬᠢᠶᠠᠯ ᠢ ᠨᠡᠭᠡᠭᠡᠨ ᠥᠭᠴᠦ᠂ ᠴᠡᠭ ᠢᠶᠠᠷ ᠨᠡᠶᠢᠳᠡᠮ ᠢ | ᠳᠠᠶᠢᠴᠢᠯᠠᠨ᠂ ᠨᠠᠷᠢᠯᠢᠭ ᠣᠨᠣᠴᠠᠲᠠᠢ ᠪᠠᠷ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠬᠢᠭᠡᠳ ᠠᠵᠢᠯ | ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠬᠠᠷᠢᠯᠴᠠᠨ ᠠᠬᠢᠭᠤᠯᠵᠤ | ᠬᠠᠮᠲᠤᠪᠠᠷ ᠤᠷᠤᠭᠰᠢᠯᠠᠭᠤᠯᠬᠤ ᠰᠠᠶᠢᠨ ᠣᠷᠴᠢᠯ ᠢ ᠪᠣᠶ ᠪᠣᠯᠭᠠᠬᠤ ᠶᠢ ᠲᠥᠯᠬᠢᠨ ᠠᠬᠢᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠥᠨᠡᠨ ᠬᠦ ᠰᠠᠶᠢᠲᠤᠷ ᠠᠳᠬᠤᠵᠤ᠂ | ᠦᠷ᠎ᠡ ᠪᠦᠲᠦᠮᠵᠢ ᠭᠠᠷᠭᠠᠵᠤ ᠪᠠᠶᠢᠨ᠎ᠠ᠃ | |