︽ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠨᠠᠷᠢᠨ ᠲᠠᠩᠰᠠ︾᠎ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/8
    ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠴᠤᠭᠯᠠᠭᠤᠯᠤᠭᠰᠠᠨ ᠰᠠᠭᠤᠷᠢᠨ ᠳᠡᠭᠡᠷ᠎ᠡ ︽ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠨᠠᠷᠢᠨ ᠲᠠᠩᠰᠠ︾ ︵ᠳᠣᠷᠣᠭᠰᠢ ︽ᠭᠠᠷᠴᠠᠭ ᠤᠨ ᠨᠠᠷᠢᠨ ᠲᠠᠩᠰᠠ︾ ᠭᠡᠵᠦ ᠲᠣᠪᠴᠢᠯᠠᠨ᠎ᠠ︶᠎ ᠶᠢ ᠨᠠᠶᠢᠷᠠᠭᠤᠯᠤᠨ ᠵᠣᠬᠢᠶᠠᠪᠠ᠃    ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠳᠠᠷᠠᠭᠠᠨ ᠤ ᠪᠥᠬᠦᠳᠡ ᠬᠤᠷᠠᠯ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠰᠢᠨ᠎ᠡ ᠡᠭᠦᠷᠭᠡ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠬᠤᠶᠠᠳᠤᠭᠠᠷ ᠬᠤᠷᠠᠯ ᠳᠡᠭᠡᠷ᠎ᠡ ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭ᠎ᠠ ᠶᠢ ᠵᠢᠷᠤᠮᠵᠢᠭᠤᠯᠬᠤ ᠪᠣᠯ ᠬᠠᠤᠯᠢ ᠪᠠᠷ ᠤᠯᠤᠰ ᠢᠶᠠᠨ ᠵᠠᠰᠠᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ ᠨᠠᠮ ᠤᠨ ᠤᠳᠤᠷᠢᠳᠤᠯᠭ᠎ᠠ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢ ᠭᠦᠢᠴᠡᠳᠬᠡᠵᠦ᠂ ᠤᠯᠠᠨ ᠨᠡᠶᠢᠲᠡ ᠶᠢᠨ ᠣᠷᠤᠯᠴᠠᠯᠭ᠎ᠠ ᠪᠣᠯᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠢ︾ ᠭᠡᠵᠦ ᠴᠢᠬᠤᠯᠠᠴᠢᠯᠠᠵᠠᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠨᠠᠷᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠣᠯ ᠨᠠᠮ ᠪᠠ ᠤᠯᠤᠰ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠤᠯᠭᠠᠮ᠎ᠠ ᠬᠡᠷᠡᠭᠴᠡᠭᠡ ᠮᠥᠨ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 713 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶᠎ ᠤᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠡᠨᠡ ᠨᠢ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠳᠤ ᠠᠰᠢᠭᠲᠠᠶ ᠶᠤᠮ᠃    ᠬᠤᠶᠠᠷ᠂ ᠦᠨᠳᠦᠰᠦᠨ ᠪᠠᠶᠢᠳᠠᠯ    2023 ᠣᠨ ᠤ 2 ᠰᠠᠷ᠎ᠠ ᠶᠢᠨ 20᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽2021 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ︾ ︵ᠶᠤᠸᠠᠨ ᠪᠣᠥ ᠱᠠᠨ ᠵᠠᠰᠠᠭ ᠠᠯᠪᠠᠨ ᠥᠰᠥᠭ ﹇2023﹈ 9 ᠳ᠋ᠣᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ 2023 ᠣᠨ ᠤ ᠠᠵᠢᠯ ᠤᠨ ᠡᠭᠦᠷᠭᠡ ᠶᠢ ᠦᠨᠳᠦᠰᠦᠯᠡᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ ᠲᠠᠢ ᠬᠠᠷᠢᠴᠠᠭᠤᠯᠵᠤ᠂ 2023 ᠣᠨ ᠤ ᠬᠤᠭᠤᠴᠠᠭᠠᠨ ᠳᠤ ᠲᠣᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠢ ᠨᠠᠷᠢᠨ ᠬᠢᠨᠠᠮᠠᠭᠠᠶ ᠡᠮᠬᠢᠯᠡᠨ ᠥᠨᠡᠯᠡᠯᠲᠡ ᠬᠢᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠪᠠᠶᠢᠳᠠᠯ ᠲᠠᠢ ᠤᠶᠠᠯᠳᠤᠭᠤᠯᠤᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠠᠷᠢᠨ ᠬᠢᠨᠠᠮᠠᠭᠠᠶ ᠡᠮᠬᠢᠯᠡᠵᠦ᠂ ᠵᠥᠢᠯ ᠳᠠᠷᠠᠭᠠᠯᠠᠨ ᠰᠤᠳᠤᠯᠤᠨ ᠵᠠᠳᠠᠯᠬᠤ ᠪᠠᠷ ᠳᠠᠮᠵᠢᠵᠤ ᠂ ᠬᠠᠮᠤᠭ ᠡᠴᠥᠰ ᠲᠤ 1 ᠵᠦᠢᠯᠡᠰ ᠢ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠥᠷᠢᠲᠦ ᠪᠣᠳᠣᠯᠭ᠎ᠠ ᠲᠣᠭᠲᠠᠭᠠᠬᠤ ᠵᠥᠢᠯᠡᠰ ᠪᠣᠯᠭᠠᠬᠤ ᠪᠠᠷ ᠲᠣᠭᠲᠠᠭᠠᠪᠠ᠃    ᠭᠤᠷᠪᠠ᠂ ᠨᠠᠶᠢᠳᠠᠪᠤᠷᠢᠵᠢᠭᠤᠯᠬᠤ ᠱᠠᠭᠠᠷᠳᠠᠯᠭ᠎ᠠ    ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠷᠥᠯ ᠵᠦᠢᠯ ᠢ ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠂ ᠳᠠᠭᠠᠭᠠᠴᠢᠯᠠᠨ ᠭᠦᠢᠴᠡᠳᠬᠡᠬᠦ ᠨᠢᠭᠡᠴᠢ ᠨᠢ ᠡᠷᠬᠡᠪᠰᠢ ᠣᠯᠠᠨ ᠨᠡᠶᠢᠲᠡ ᠶᠢᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ ᠵᠡᠷᠭᠡ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠶ ᠶᠣᠰᠤᠲᠠᠢ ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠰᠡᠳᠦᠪ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠪᠦᠷᠢᠯᠳᠦᠭᠰᠡᠨ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠥᠬᠦ ᠶᠠᠪᠤᠴᠠ ᠶᠢᠨ ᠲᠡᠮᠳᠡᠭᠯᠡᠯ ᠢ ᠦᠨᠡᠨ ᠬᠦ ᠪᠠᠲᠤᠯᠠᠬᠤ ᠬᠡᠷᠡᠭᠲᠡᠶ᠃    ᠳᠥᠷᠪᠡ᠂ ᠪᠤᠰᠤᠳ ᠵᠦᠢᠯ    ︽ᠭᠠᠷᠴᠠᠭ ᠤᠨ ᠨᠠᠷᠢᠨ ᠲᠠᠩᠰᠠ︾᠎ ᠳᠤ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠡᠭᠦᠷᠭᠡ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠦᠨᠡᠬᠡᠷ ᠰᠢᠨ᠎ᠡ ᠪᠠᠷ ᠨᠡᠮᠡᠭᠰᠡᠨ ᠪᠤᠶᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠳᠠᠭᠠᠭᠠᠴᠢᠯᠠᠨ ᠭᠦᠢᠴᠡᠳᠭᠡᠬᠦ ᠨᠢᠭᠡᠴᠢ ᠠᠴᠠ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾᠎ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1