ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/10
    7 ᠰᠠᠷ᠎ᠠ ᠶᠢᠨ 5᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠤᠸᠠᠨ ᠪᠦᠦ ᠱᠠᠨ ᠲᠣᠭᠤᠷᠢᠭ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠲᠣᠭᠤᠷᠢᠭ ᠤᠨ ᠰᠣᠶᠣᠯ ᠤᠨ ᠲᠥᠪ ᠤᠨ ᠲᠦᠷᠦᠯ ᠵᠦᠢᠯ ᠤᠨ ᠤᠯᠠᠨ ᠴᠢᠳᠠᠮᠵᠢᠲᠤ ᠲᠢᠩᠬᠢᠮ ᠤᠨ ᠵᠠᠰᠠᠯ ᠴᠢᠮᠡᠭᠯᠡᠯ ᠤᠨ ᠢᠨᠵᠧᠨᠧᠷᠢᠩ ᠂ ᠶᠤᠸᠠᠨ ᠪᠦᠦ ᠱᠠᠨ ᠲᠣᠭᠤᠷᠢᠭ ᠤᠨ ᠵᠠᠮ ᠤᠨ ᠠᠭᠤᠯᠵᠠᠷ ᠲᠤ ᠳᠣᠬᠢᠶ᠎ᠠ ᠶᠢ ᠡᠵᠡᠮᠳᠡᠬᠦ ᠰᠢᠰᠲ᠋ᠧᠮ ᠢ ᠰᠢᠨ᠎ᠡ ᠪᠠᠷ ᠪᠠᠶᠢᠭᠤᠯᠤᠨ ᠰᠣᠯᠢᠬᠤ ᠵᠢᠴᠢ ᠡᠯᠧᠺᠲᠷᠣᠨ ᠴᠠᠭᠳᠠᠭ᠎ᠠ ᠶᠢᠨ ᠬᠢᠨᠠᠨ ᠡᠵᠡᠮᠳᠡᠬᠦ ᠰᠢᠰᠲ᠋ᠧᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ ᠃    ᠬᠤᠷᠠᠯ ᠠᠴᠠ ᠂ ᠶᠤᠸᠠᠨ ᠪᠦᠦ ᠱᠠᠨ ᠲᠣᠭᠤᠷᠢᠭ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠲᠣᠭᠤᠷᠢᠭ ᠤᠨ ᠰᠣᠶᠣᠯ ᠤᠨ ᠲᠥᠪ ᠤᠨ ᠲᠦᠷᠦᠯ ᠵᠦᠢᠯ ᠪᠣᠯ ᠮᠠᠨ ᠤ ᠲᠣᠭᠤᠷᠢᠭ ᠤᠨ ᠬᠡᠷᠡᠭᠵᠢᠭᠦᠯᠵᠦ ᠪᠠᠶᠢᠭ᠎ᠠ ᠨᠢᠭᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ ᠂ ᠨᠡᠶᠢᠭᠡᠮ ᠤᠨ ᠠᠩᠬᠠᠷᠤᠯ ᠢ ᠲᠠᠲᠠᠵᠤ ᠂ ᠤᠯᠠᠨ ᠲᠦᠮᠡᠨ ᠤ ᠠᠩᠬᠠᠷᠤᠯ ᠢ ᠲᠠᠲᠠᠵᠤ ᠂ ᠰᠣᠶᠣᠯ ᠤᠨ ᠴᠤᠭ ᠵᠢᠪᠬᠤᠭ᠎ᠠ ᠶᠢ ᠢᠯᠡᠷᠡᠭᠦᠯᠬᠦ ᠂ ᠬᠤᠳᠠ ᠶᠢᠨ ᠳᠦᠷᠢ ᠰᠠᠭᠤᠭᠳᠠᠯ ᠢ ᠳᠡᠭᠡᠭᠰᠢᠯᠡᠭᠦᠯᠬᠦ ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠤᠳ ᠠᠷᠪᠢᠯᠠᠨ ᠭᠠᠮᠨᠠᠬᠤ ᠵᠠᠷᠴᠢᠮ ᠶᠣᠰᠣᠭᠠᠷ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠤᠯᠢ ᠲᠣᠭᠲᠠᠭᠠᠯ ᠶᠣᠰᠣᠭᠠᠷ ᠲᠦᠯᠬᠢᠨ ᠠᠬᠢᠭᠤᠯᠵᠤ ᠂ ᠠᠮᠤᠷ ᠲᠦᠪᠰᠢᠨ ᠢ ᠥᠨᠡᠨ ᠬᠦ ᠪᠠᠲᠤᠯᠠᠭᠰᠠᠨ ᠤᠷᠢᠲᠠᠯ ᠳᠣᠣᠷ᠎ᠠ ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠂ ᠪᠡᠯᠡ ᠮᠥᠩᠭᠦ ᠶᠢᠨ ᠦᠷ᠎ᠡ ᠠᠰᠢᠭ ᠢ ᠠᠰᠠᠭᠤᠬᠤ ᠶᠢ ᠴᠢᠩᠭᠠᠷᠠᠭᠤᠯᠵᠤ ᠂ ᠬᠤᠭᠤᠴᠠᠭ᠎ᠠ ᠶᠣᠰᠣᠭᠠᠷ ᠪᠡᠯᠡ ᠣᠷᠣᠭᠤᠯᠵᠤ ᠬᠡᠷᠡᠭᠯᠡᠬᠦ ᠶᠢ ᠪᠠᠲᠤᠯᠠᠵᠤ ᠂ ᠬᠤᠳᠠ ᠶᠢᠨ ᠠᠷᠠᠳ ᠎ ᠲᠤ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠬᠤᠲᠠ ᠶᠢᠨ ᠵᠠᠮ ᠬᠠᠷᠢᠯᠴᠠᠭ᠎ᠠ ᠨᠢ ᠣᠯᠠᠨ ᠲᠦᠮᠡᠨ ᠤ ᠠᠰᠢᠭ ᠲᠤᠰᠠ ᠪᠠ ᠬᠤᠲᠠ ᠶᠢᠨ ᠳᠦᠷᠢ ᠲᠥᠷᠬᠦ ᠲᠠᠢ ᠬᠤᠯᠪᠣᠭᠳᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠎ ᠶᠢ ᠪᠠᠲᠤ ᠪᠤᠶ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠵᠠᠮ ᠤᠨ ᠠᠭᠤᠯᠵᠠᠷ ᠤᠨ ᠳᠣᠬᠢᠶᠠᠨ ᠤ ᠰᠢᠰᠲ᠋ᠧᠮ ᠵᠢᠴᠢ ᠡᠯᠧᠺᠲᠷᠣᠨ ᠴᠠᠭᠳᠠᠭ᠎ᠠ ᠶᠢᠨ ᠬᠢᠨᠠᠨ ᠡᠵᠡᠮᠳᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠶᠢᠨ ᠮᠡᠳᠡᠭᠡ ᠵᠠᠩᠭᠢᠵᠢᠯᠲᠠ ᠂ ᠲᠣᠭᠠᠴᠢᠯᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠯᠬᠠᠪᠴᠢ ᠶᠢ ᠥᠨᠡᠨ ᠬᠦ ᠪᠠᠬᠢᠵᠢᠭᠦᠯᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃   
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1