ᠶᠤᠸᠠᠨ ᠪᠦᠦ ᠱᠠᠨ ᠲᠣᠭᠤᠷᠢᠭ 2023 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/11
    7 ᠰᠠᠷ᠎ᠠ ᠶᠢᠨ 7᠎ ᠤ ᠡᠳᠦᠷ᠂ ᠮᠠᠨ ᠤ ᠲᠣᠭᠤᠷᠢᠭ 2023 ᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
1_副本.jpg
       ᠬᠤᠷᠠᠯ ᠳᠡᠭᠡᠷ᠎ᠡ ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠮᠠᠨ ᠤ ᠲᠣᠭᠤᠷᠢᠭ ᠤᠨ ᠡᠨᠡ ᠵᠢᠯ ᠤᠨ ᠠᠭᠤᠷ ᠠᠮᠢᠰᠬᠤᠯ ᠤᠨ ᠪᠠᠶᠢᠳᠠᠯ ᠢ ᠬᠠᠷᠢᠭᠤ ᠮᠡᠳᠡᠭᠦᠯᠪᠡ︔ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠪᠣᠯᠣᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠲᠣᠰ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠡᠯᠡᠳᠬᠡᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃    ᠬᠤᠷᠠᠯ ᠠᠴᠠ ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠬᠤ ᠪᠣᠯᠬᠤᠷ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ ᠂ ᠭᠤᠣᠯᠳᠠᠯᠭ᠎ᠠ ᠲᠠᠢ ᠭᠠᠵᠠᠷ ᠣᠷᠣᠨ ᠢ ᠨᠠᠷᠢᠯᠢᠭ ᠣᠨᠣᠴᠠᠲᠠᠢ ᠪᠠᠷ ᠵᠢᠭᠠᠨ ᠵᠢᠯᠤᠭᠤᠳᠴᠤ ᠪᠠᠶᠢᠭᠠᠳ ᠠᠭᠤᠯᠠᠨ ᠦᠶᠡᠷ ᠂ ᠳᠤᠮᠳᠠ ᠵᠢᠵᠢᠭ ᠭᠤᠣᠯ ᠮᠥᠷᠡᠨ ᠤ ᠦᠶᠡᠷ ᠂ ᠤᠰᠤᠨ ᠴᠥᠭᠦᠷᠥᠮ ᠎ ᠠᠴᠠ ᠠᠶᠤᠯ ᠭᠠᠷᠬᠤ ᠪᠠ ᠬᠤᠳᠠ ᠶᠢᠨ ᠤᠰᠤᠲᠤᠯ ᠵᠡᠷᠭᠡ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ︽ ᠪᠣᠳᠠᠲᠠᠢ ︾ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠳᠤ ︽ ᠣᠨᠣᠪᠴᠢᠲᠠᠶ ︾ ᠪᠠᠶᠢᠵᠤ᠂ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠳᠤ ︽ ᠡᠷᠲᠡ ︾  ᠪᠠᠶᠢᠵᠤ᠂ ᠠᠶᠤᠯ ᠠᠴᠠ ᠠᠪᠤᠷᠠᠨ ᠲᠤᠰᠠᠯᠠᠬᠤ ᠎ ᠳᠤ ︽ ᠲᠦᠷᠭᠡᠨ ︾ ᠪᠠᠶᠢᠵᠤ᠂ ᠭᠠᠮᠰᠢᠭ ᠠᠴᠠ ᠠᠪᠤᠷᠠᠨ ᠳᠡᠮᠵᠢᠬᠦ ᠎ ᠳᠤ ︽ ᠨᠠᠷᠢᠯᠢᠭ︾ ᠪᠠᠶᠢᠵᠤ᠂ ᠪᠦᠬᠦ ᠲᠣᠭᠤᠷᠢᠭ ᠤᠨ ᠦᠶᠡᠷ ᠢ ᠠᠮᠤᠷ ᠲᠦᠪᠰᠢᠨ ᠪᠥᠭᠡᠳ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠡᠮᠦᠨ᠎ᠡ ᠂ ᠶᠤᠸᠠᠨ ᠪᠦᠦ ᠱᠠᠨ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ 2023 ᠣᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠷᠡᠭᠡᠨ ᠳᠡᠭᠡᠷᠡᠬᠢ ᠰᠣᠷᠢᠯᠲᠠ ᠬᠢᠵᠡᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1