ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/14
   
1_副本.jpg
       7 ᠰᠠᠷ᠎ᠠ ᠶᠢᠨ 12᠎ ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ ᠂ ᠯᠢ ᠰᠢᠨ ᠢᠦᠢ ᠂ ᠬᠠᠨ ᠶᠠᠨ ᠵᠢᠶᠦ᠋ᠨ ᠂ ᠯᠤᠸᠠᠨ ᠶᠦᠨ ᠾᠧ ᠂ ᠯᠢ ᡁᠢ ᠭᠠᠩ ᠂ ᠵᠠᠩ ᠯᠢ ᠲᠤᠤ ᠬᠤᠷᠠᠯ ᠳᠤ ᠣᠷᠣᠯᠴᠠᠪᠠ ᠃ ᠲᠣᠭᠤᠷᠢᠭ ᠤᠨ ᠤᠳᠤᠷᠢᠳᠤᠯᠭ᠎ᠠ ᠯᠢ ᠺᠠᠢ ᠂ ᠤᠯᠠᠭᠠᠨᠬᠠᠳᠠ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠰᠢᠮᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠵᠦᠢᠯᠡᠰ ᠢ ᠨᠢᠢᠳᠬᠡᠨ ᠪᠠᠭᠠᠰᠬᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠥᠭᠰᠡᠨ ᠪᠠᠶᠢᠳᠠᠯ ᠪᠣᠯᠣᠨ ᠳᠡᠭᠡᠷ᠎ᠡ ᠬᠠᠭᠠᠰ ᠵᠢᠯ ᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ ᠂ ᠰᠤᠯᠠᠷᠠᠭᠤᠯᠤᠯ ᠥᠭᠡᠢ ᠴᠢᠩᠭ᠎ᠠ ᠠᠳᠬᠤᠨ᠂ ᠡᠴᠦᠰ ᠲᠤᠨᠢ ᠲᠤᠯᠲᠠᠯ᠎ᠠ ᠠᠳᠬᠤᠬᠤ ᠶᠢ ᠪᠠᠷᠢᠮᠲᠠᠯᠠᠵᠤ ᠂ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ ᠃ ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠭᠤᠣᠯᠳᠠᠯᠭ᠎ᠠ ᠲᠠᠢ ᠠᠵᠢᠯ ᠤᠨ ᠡᠬᠡ ᠲᠠᠩᠰᠠ ᠪᠠ ᠣᠨ ᠤ ᠡᠭᠦᠷᠭᠡ ᠶᠢᠨ ᠨᠠᠷᠢᠨ ᠲᠠᠩᠰᠠᠨ ᠳᠤ ᠣᠷᠣᠭᠤᠯᠵᠤ᠂ ᠰᠢᠰᠲ᠋ᠧᠮ ᠲᠠᠢ ᠪᠠᠷ ᠡᠮᠬᠢᠯᠡᠨ ᠪᠦᠷᠢᠳᠬᠡᠵᠦ᠂ ᠳᠠᠷᠤᠯᠲᠠ ᠪᠠ ᠬᠦᠴᠦᠨ ᠲᠠᠢ ᠪᠠᠷ ᠲᠦᠯᠬᠢᠨ ᠠᠬᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠵᠢᠴᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠡᠭᠦᠷᠭᠡ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠵᠢᠯᠣᠭᠤᠳᠤᠨ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠵᠠᠢ᠃    ᠬᠤᠷᠠᠯ ᠠᠴᠠ ᠂ ᠰᠢᠮᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠦᠷᠭᠦᠯᠵᠢᠯᠡᠨ ᠨᠡᠶᠢᠳᠬᠡᠵᠦ ᠂ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ ᠂ ᠳᠠᠪᠬᠤᠷᠳᠠᠨ ᠣᠪᠣᠭᠠᠷᠠᠬᠤ ᠂ ᠥᠪᠡᠷᠲᠡᠭᠡᠨ ᠲᠤᠭ᠎ᠠ ᠨᠡᠮᠡᠬᠦ ᠶᠢ ᠰᠡᠷᠭᠡᠶᠢᠯᠡᠵᠦ ᠂ ᠦᠨᠳᠦᠰᠦᠨ ᠱᠠᠲᠤᠨ ᠤ ᠡᠭᠦᠷᠭᠡ ᠶᠢ ᠬᠥᠩᠭᠡᠷᠡᠭᠦᠯᠦᠨ ᠬᠦᠯᠢᠶᠡᠰᠦ ᠶᠢ ᠰᠤᠯᠠᠷᠠᠭᠤᠯᠵᠤ ᠂ ᠳᠠᠷᠤᠭᠠᠰᠤ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠢ ᠪᠠᠲᠤᠯᠠᠬᠤ ᠬᠡᠷᠡᠭᠲᠡᠢ᠃ ᠪᠠᠶᠢᠴᠠᠭᠠᠨ ᠰᠢᠯᠭᠠᠬᠤ ᠶᠢ ᠬᠡᠯᠲᠥᠷᠢᠭᠦᠯᠬᠦ᠂ ᠦᠷ᠎ᠡ ᠳ᠋ᠦᠩ ᠢ ᠬᠠᠷᠢᠯᠴᠠᠨ ᠮᠡᠳᠡᠷᠡᠬᠦ ᠵᠡᠷᠭᠡ ᠰᠢᠮᠳᠠᠭᠤᠯᠤᠨ ᠪᠠᠶᠢᠴᠠᠭᠠᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠮᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠥᠨᠡᠯᠡᠨ ᠰᠢᠯᠭᠠᠬᠤ ᠠᠵᠢᠯᠯᠠᠭ᠎ᠠ ᠶᠢ ᠢᠯᠡ ᠪᠠᠷ ᠪᠠᠶᠢᠴᠠᠭᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠢᠯᠡ ᠪᠠᠷ ᠪᠠᠶᠢᠴᠠᠭᠠᠵᠤ ᠳᠠᠯᠳᠠᠭᠤᠷ ᠣᠶᠢᠯᠠᠭᠠᠬᠤ ᠂ ︽ ᠳᠥᠷᠪᠡ ᠶᠢ ᠣᠷᠬᠢᠵᠤ ᠬᠤᠶᠠᠷ ᠢ ᠰᠢᠭᠤᠳᠬᠤ︾᠎ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ ᠂ ᠪᠠᠶᠢᠩᠭᠤ ᠶᠢᠨ ᠰᠣᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ ᠂ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠪᠡᠷᠬᠡ ᠠᠰᠠᠭᠤᠳᠠᠯ ᠢ ᠭᠤᠣᠯᠳᠠᠯᠭ᠎ᠠ ᠲᠠᠢ ᠢᠯᠡᠷᠡᠭᠦᠯᠬᠦ ᠪᠠᠷ ᠪᠠᠷᠠᠬᠤ ᠦᠭᠡᠢ ᠪᠠᠰᠠ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠨᠡᠪᠲᠡᠷᠡᠭᠦᠯᠬᠦ ᠴᠢᠬᠤᠯᠠᠲᠠᠢ ᠲᠦᠭᠵᠢᠷᠡᠯ ᠢ ᠴᠠᠭ ᠲᠤᠬᠠᠢ ᠳᠤᠨᠢ ᠣᠶᠢᠯᠠᠭᠠᠵᠤ ᠂ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠵᠤ ᠥᠨᠡᠯᠡᠨ ᠰᠢᠯᠭᠠᠬᠤ ᠶᠠᠰᠤ ᠴᠢᠨᠠᠷ ᠦᠷ᠎ᠡ ᠪᠦᠲᠦᠮᠵᠢ ᠶᠢ ᠥᠨᠡᠨ ᠬᠦ ᠳᠡᠭᠡᠭᠰᠢᠯᠡᠭᠦᠯᠬᠦ ᠬᠡᠷᠡᠭᠲᠡᠢ ᠴᠢᠬᠤᠯᠠᠴᠢᠯᠠᠵᠠᠢ᠃    ᠬᠤᠷᠠᠯ ᠠᠴᠠ ᠂ ᠴᠠᠭᠳᠠᠨ ᠪᠠᠶᠢᠴᠠᠭᠠᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ ᠂ ᠴᠠᠭᠳᠠᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠴᠠᠭᠳᠠᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ ᠂ ᠠᠰᠠᠭᠤᠳᠠᠯ ᠢ ᠨᠠᠷᠢᠨ ᠣᠨᠣᠪᠴᠢᠲᠠᠢ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠲᠥᠯᠬᠢᠨ ᠠᠬᠢᠭᠤᠯᠵᠤ ᠂ ᠴᠠᠭᠳᠠᠨ ᠪᠠᠶᠢᠴᠠᠭᠠᠬᠤ ᠠᠵᠢᠯ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠳᠦᠷᠢᠮ ᠲᠣᠭᠲᠠᠭᠠᠯ ᠲᠣᠭᠲᠠᠭᠠᠬᠤ ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠡᠶᠡᠯᠡᠭᠦᠯᠵᠦ ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠥᠨᠡᠨ ᠬᠦ ᠪᠠᠲᠤᠯᠠᠬᠤ ᠬᠡᠷᠡᠭᠲᠡᠢ ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ ᠂ ᠨᠠᠮ ᠤᠨ ᠬᠤᠷᠢᠶ᠎ᠠ ᠤᠳᠤᠷᠢᠳᠬᠤ᠂ ᠴᠠᠭᠳᠠᠨ ᠪᠠᠶᠢᠴᠠᠭᠠᠬᠤ ᠪᠠᠶᠢᠭᠤᠯᠤᠮᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠡᠳᠦᠷ ᠲᠤᠳᠤᠮ ᠤᠨ ᠬᠢᠨᠠᠯᠲᠠ ᠲᠠᠯᠪᠢᠬᠤ ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠬᠢᠬᠦ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠂ ᠴᠡᠭᠴᠡᠯᠡᠨ ᠰᠠᠶᠢᠵᠢᠷᠠᠭᠤᠯᠬᠤ ᠂ ᠵᠠᠰᠠᠬᠤ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠂ ᠣᠷᠭᠠᠨᠢᠭ ᠢᠶᠠᠷ ᠨᠡᠪᠲᠡᠷᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1