ᠶᠤᠸᠠᠨ ᠪᠦᠦ ᠱᠠᠨ ᠲᠣᠭᠤᠷᠢᠭ ᠠᠶᠤᠯ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/7/14
    1_副本.jpg
       7 ᠰᠠᠷ᠎ᠠ ᠶᠢᠨ 13᠎ ᠤ ᠡᠳᠦᠷ᠂ ᠮᠠᠨ ᠤ ᠲᠣᠭᠤᠷᠢᠭ ᠠᠶᠤᠯ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠠᠩᠭᠢ ᠡᠷᠭᠢᠯᠡᠵᠦ ᠂  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ ᠠᠩᠭᠢ ᠡᠬᠢᠯᠡᠬᠦ ᠶᠣᠰᠣᠯᠠᠯ ᠳᠤ ᠣᠷᠣᠯᠴᠠᠬᠤ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ᠂ ᠪᠥᠬᠦ ᠲᠣᠭᠤᠷᠢᠭ ᠤᠨ ᠭᠤᠣᠯᠳᠠᠯᠭ᠎ᠠ ᠲᠠᠢ ᠠᠶᠤᠯ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠳ᠂ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯᠲᠠᠳ ᠶᠣᠰᠤᠯᠠᠯ ᠳᠤ ᠣᠷᠤᠯᠴᠠᠪᠠ᠃   ᠎ ᠶᠢᠨ ᠮᠢᠩ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠴᠢᠬᠤᠯᠠ ᠴᠢᠨᠠᠷ ᠪᠠ ᠪᠣᠳᠠᠲᠤ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯᠲᠠᠳ ᠤᠨ ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠬᠡᠪ ᠴᠢᠨᠠᠷ ᠪᠠ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠶᠤᠯ ᠦᠭᠡᠢ ᠦᠢᠯᠡᠳᠪᠦᠷᠢᠯᠡᠯ ᠎ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ ᠃ ᠰᠤᠷᠤᠯᠭᠠᠲᠠᠳ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠪᠣᠯᠪᠠᠰᠤᠷᠠᠭᠤᠯᠤᠯ ᠢᠶᠠᠷ ᠳᠠᠮᠵᠢᠨ ᠲᠣᠰ ᠪᠡᠶ᠎ᠡ ᠶᠢᠨ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠪᠦᠲᠦᠴᠡ ᠪᠠᠨ ᠰᠠᠶᠢᠵᠢᠷᠠᠭᠤᠯᠵᠤ᠂ ᠠᠵᠢᠯ ᠤᠨ ᠬᠠᠷᠠᠭ᠎ᠠ ᠪᠠᠨ ᠥᠷᠭᠡᠳᠬᠡᠨ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ ᠪᠠᠷᠠᠭᠠᠯᠬᠢᠯᠠᠯ ᠤᠨ ᠴᠢᠨᠠᠷ ᠪᠠ ᠵᠥᠩᠨᠡᠯᠲᠡ ᠶᠢᠨ ᠴᠢᠨᠠᠷ ᠢᠶᠠᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠰᠤᠷᠤᠯᠭ᠎ᠠ ᠡᠬᠢᠯᠡᠬᠦ ᠶᠣᠰᠣᠯᠠᠯ ᠤᠨ ᠲᠠᠷᠠᠭ᠎ᠠ ᠂ ᠤᠮᠠᠷᠠᠲᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠂ ᠳᠡᠳ᠋ ᠫᠷᠣᠹᠧᠰᠰᠣᠷ ᠯᠢᠦᠢ ᠰᠢᠸ ᠵᠢᠶᠠᠩ ᠠᠵᠤ ᠠᠬᠤᠶᠢᠯᠠᠯ ᠤᠨ ᠬᠠᠷᠢᠭᠤᠴᠠᠯᠭᠠᠲᠠᠳ ᠪᠣᠯᠣᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠳ ᠲᠤ ᠬᠤᠶᠠᠷ ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠦᠷᠲᠡᠭᠡᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1