ᠫᠢᠩᠵᠤᠸᠠᠩ ᠪᠠᠯᠭᠠᠰᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/7/18
    ᠰᠤᠶᠤᠯ ᠵᠢᠭᠤᠯᠴᠢᠯᠠᠯ ᠤᠨ ᠫᠢᠩᠵᠤᠸᠠᠩ ᠪᠠᠯᠭᠠᠰᠤᠨ ᠳᠤ ᠦᠪᠡᠳᠡᠭᠰᠢ ᠨᠠᠶᠢᠷ ᠨᠢ ᠶᠢᠨ ᠰᠢᠸ ᠱᠠᠨ ᠠᠭᠤᠯᠠᠨ ᠳᠤ ᠶᠠᠪᠤᠭᠳᠠᠪᠠ᠃ 7 ᠰᠠᠷ᠎ᠠ ᠶᠢᠨ 15᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠴᠢᠶᠠᠨ ᠶᠢᠨ ᠲᠣᠰᠬᠤᠨ ᠤ ᠶᠢᠨ ᠰᠢᠸ ᠱᠠᠨ ᠰᠣᠶᠣᠯ ᠤᠨ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠰᠢᠨ ᠢᠦᠢ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃    ᠯᠢ ᠽᠥᠩ ᠮᠧᠩ ᠰᠣᠶᠣᠯ ᠵᠢᠭᠤᠯᠴᠢᠯᠠᠯ ᠤᠨ ᠨᠠᠶᠢᠷ ᠡᠬᠢᠯᠡᠭᠰᠡᠨ ᠢ ᠵᠠᠷᠯᠠᠪᠠ᠃    ᠫᠢᠩᠵᠤᠸᠠᠩ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠬᠤᠷᠠᠯ ᠡᠬᠢᠯᠡᠬᠦ ᠦᠭᠡ ᠬᠡᠯᠡᠬᠦ ᠳᠡᠭᠡᠨ᠂ ᠲᠤᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠭᠰᠡᠨ ᠎ ᠨᠢ ᠨᠢᠭᠡ ᠤᠳᠠᠭᠠᠨ ᠤ ᠪᠠᠶᠠᠷ ᠤᠨ ᠡᠳᠦᠷ ᠢᠶᠠᠷ ᠵᠣᠴᠢᠳ ᠴᠤᠭᠯᠠᠭᠤᠯᠬᠤ ᠂ ᠪᠠᠶᠠᠷ ᠤᠨ ᠡᠳᠦᠷ ᠢᠶᠠᠷ ᠵᠢᠭᠤᠯᠴᠢᠯᠠᠯ ᠢ ᠠᠬᠢᠭᠤᠯᠬᠤ ᠦᠪᠡᠳᠡᠭᠰᠢ ᠴᠤᠭᠯᠠᠭᠠᠨ ᠪᠣᠯᠬᠤ ᠪᠥᠭᠡᠳ ᠨᠡᠩ ᠴᠤ ᠫᠢᠩᠵᠤᠸᠠᠩ ᠪᠠᠯᠭᠠᠰᠤᠨ ᠤ ᠰᠣᠶᠣᠯ ᠤᠨ ᠷᠢᠳᠢ ᠰᠢᠳᠢ ᠶᠢ ᠬᠠᠷᠠᠭᠤᠯᠬᠤ ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠬᠤ ᠂ ᠨᠥᠬᠦᠷᠯᠡᠯ ᠤᠨ ᠬᠥᠭᠦᠷᠭᠡ ᠶᠢ ᠴᠣᠭᠴᠠᠯᠠᠬᠤ ᠂ ᠤᠯᠠᠨ ᠲᠦᠮᠡᠨ ᠤ ᠠᠮᠢᠳᠤᠷᠠᠯ ᠢ ᠪᠠᠶᠠᠷ ᠬᠥᠷ ᠲᠠᠢ ᠪᠣᠯᠭᠠᠬᠤ ᠨᠢᠭᠡ ᠤᠳᠠᠭᠠᠨ ᠤ ᠦᠪᠡᠳᠡᠭᠰᠢ ᠴᠤᠭᠯᠠᠭᠠᠨ ᠪᠣᠯᠣᠨ᠎ᠠ᠃ ᠫᠢᠩᠵᠤᠸᠠᠩ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠪᠠᠯᠭᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ᠂ ᠫᠢᠩᠵᠤᠸᠠᠩ ᠪᠠᠯᠭᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠠᠵᠠᠷ ᠣᠷᠣᠨ ᠤ ᠰᠣᠶᠣᠯ ᠤᠨ ᠰᠣᠯᠢᠯᠴᠠᠭ᠎ᠠ ᠶᠢ ᠴᠢᠩᠭᠠᠳᠬᠠᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠲᠠᠪᠴᠠᠩ ᠪᠣᠯᠭᠠᠵᠤ ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠎ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠪᠠᠶᠠᠷ ᠪᠠᠶᠠᠰᠬᠤᠯᠠᠩ ᠲᠠᠢ ᠠᠷᠰᠯᠠᠨ ᠤ ᠪᠥᠵᠢᠭ ᠤᠨ ᠲᠣᠭᠯᠠᠯᠲᠠ ᠎ ᠪᠠᠷ ᠦᠳᠡᠰᠢᠯᠡᠭᠡ ᠡᠬᠢᠯᠡᠪᠡ᠃ ᠭᠤᠶᠢᠳᠠ ᠰᠠᠶᠢᠬᠠᠨ ᠪᠥᠵᠢᠭ ᠂ ᠢᠷᠠᠭᠤ ᠰᠣᠨᠤᠰᠬᠤᠯᠠᠩᠲᠤ ᠳᠠᠭᠤᠤ ᠎ ᠶᠢᠨ ᠲᠣᠭᠯᠠᠯᠲᠠ ᠎ ᠨᠤᠭᠤᠳ ᠨᠢ ᠫᠢᠩᠵᠤᠸᠠᠩ ᠪᠠᠯᠭᠠᠰᠤᠨ ᠤ ᠬᠥᠮᠥᠰ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠬᠠᠯᠠᠭᠤᠮᠰᠤᠭ ᠵᠣᠴᠢᠨᠰᠠᠭ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ ᠂ ᠦᠳᠡᠰᠢᠯᠡᠭᠡ ᠶᠢᠨ ᠠᠭᠤᠷ ᠠᠮᠢᠰᠬᠤᠯ ᠢ ᠲᠠᠰᠤᠷᠠᠯᠳᠡ ᠦᠭᠡᠢ ᠤᠷᠬᠢᠯ ᠳᠤ ᠬᠦᠷᠭᠡᠵᠦ ᠂ ᠭᠤᠴᠤ ᠰᠠᠶᠢᠬᠠᠨ ᠲᠣᠭᠯᠠᠯᠲᠠ ᠨᠤᠭᠤᠳ ᠎ ᠨᠢ ᠫᠢᠩᠵᠤᠸᠠᠩ ᠢ ︽ ᠰᠣᠭᠲᠣᠭᠤᠷᠣᠭᠤᠯᠤᠨ ︾ ᠂ ᠦᠵᠡᠭᠴᠢᠳ ᠢ ᠪᠠᠶᠠᠰᠬᠠᠵᠤ᠂ ᠨᠡᠩ ᠴᠤ ᠬᠥᠮᠥᠰ ᠤᠨ ᠰᠡᠳᠬᠢᠯ ᠢ ᠤᠷᠮᠠᠰᠢᠭᠤᠯᠵᠠᠢ᠃    ᠠᠭᠤᠯᠠ ᠤᠰᠤ ᠨᠢ ᠵᠢᠷᠤᠭ ᠮᠡᠲᠥ ᠪᠥᠭᠡᠳ ᠰᠢᠯᠥᠭ ᠤᠨ ᠰᠠᠨᠠᠭ᠎ᠠ ᠪᠠᠷ ᠠᠯᠤᠰ ᠢ ᠵᠣᠷᠢᠨ᠎ᠠ᠃ ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠲᠣᠭᠯᠠᠯᠲᠠ ᠶᠢᠨ ᠠᠬᠤᠢ ᠲᠠᠯᠠᠪᠠᠶ ᠳᠤ ᠪᠠᠰᠠ ᠰᠦᠯᠵᠢᠶᠡᠨ ᠣᠳᠤᠨ ᠤ ᠥᠳᠡᠰᠢ ᠶᠢᠨ ᠵᠠᠬ᠎ᠠ ᠳᠡᠯᠭᠡᠭᠦᠷ᠂ ᠰᠣᠨᠢᠷᠬᠠᠯᠲᠤ ᠲᠡᠭᠦᠬᠦ ᠬᠥᠳᠡᠯᠭᠡᠭᠡᠨ ᠵᠡᠷᠭᠡ ᠣᠯᠠᠨ ᠬᠡᠯᠪᠡᠷᠢ ᠶᠢᠨ ᠵᠤᠭ᠎ᠠ ᠴᠡᠩᠭᠡᠯ ᠤᠨ ᠠᠵᠢᠯᠯᠠᠭ᠎ᠠ ᠲᠣᠬᠢᠷᠠᠭᠤᠯᠵᠤ᠂ ᠵᠤᠭᠠᠴᠠᠨ ᠨᠠᠭᠠᠳᠬᠤ ᠪᠠᠷ ᠢᠷᠡᠭᠰᠡᠨ ᠣᠯᠠᠨ ᠲᠦᠮᠡᠨ ᠳᠤ ᠢᠳᠡᠬᠦ᠂ ᠬᠤᠳᠠᠯᠳᠤᠨ ᠠᠪᠬᠤ ᠂ ᠵᠤᠭᠠᠴᠠᠬᠤ᠂ ᠲᠣᠭᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠵᠤᠭ᠎ᠠ ᠴᠡᠩᠭᠡᠯ ᠤᠨ ᠰᠢᠨ᠎ᠡ ᠲᠠᠯᠠᠪᠤᠷ ᠢ ᠪᠣᠶ ᠪᠣᠯᠭᠠᠵᠤ ᠥᠭᠭᠦᠭᠰᠡᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1