ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠤᠬᠠᠢ ᠶᠢᠨ ᠲᠠᠯᠠᠪᠤᠷ ᠲᠤ ᠦᠨᠡᠯᠡᠨ ᠵᠢᠱᠢᠬᠦ ᠶᠡᠷᠦᠩᠬᠡᠶᠢᠯᠡᠭᠰᠡᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/7/20
    7 ᠳ᠋ᠤᠭᠠᠷ ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠷᠬᠢᠯᠡᠭᠴᠢ ᠰᠠᠷᠠᠨᠴᠢᠮᠡᠭ ᠪᠦᠯᠬᠦᠮ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠡᠷᠡᠭᠦᠯ ᠬᠠᠮᠠᠭᠠᠯᠠᠯ ᠤᠨ ᠬᠤᠲᠠ ᠶᠢ  ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠪᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠩ ᠵᠢᠩ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠴᠧᠩ ᠹᠦ᠋᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠶᠦᠨ ᠳ᠋ᠦᠩ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
1_副本.jpg
       ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠫᠢᠩᠵᠤᠸᠠᠩ ᠳ᠋ᠦᠩ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠫᠢᠩᠵᠤᠸᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠴᠢᠳᠠᠮᠵᠢᠲᠤ ᠰᠠᠯᠠᠭ᠎ᠠ ᠲᠠᠰᠤᠭ ᠤᠨ ᠪᠠᠶᠢᠭᠤᠯᠤᠯᠲᠠ᠂ ᠡᠮᠴᠢᠯᠡᠭᠡᠨ ᠤ ᠦᠢᠯᠡᠴᠢᠯᠡᠭᠡᠨ ᠤ ᠣᠷᠴᠢᠨ ᠲᠣᠭᠤᠷᠢᠨ᠂ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠬᠡᠮᠵᠢᠶ᠎ᠡ ᠵᠢᠴᠢ ᠡᠮᠴᠢ ᠰᠤᠪᠢᠯᠠᠭᠴᠢ ᠶᠢᠨ ᠬᠥᠯᠥᠰᠥ ᠣᠯᠭᠤᠮᠵᠢ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠮᠠᠨ ᠤ ᠲᠣᠭᠤᠷᠢᠭ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠲᠤᠯᠭᠠᠷᠠᠭᠰᠠᠨ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠎ ᠳᠤ ᠳᠡᠭᠡᠳᠦ ᠬᠡᠮᠵᠢᠶᠡᠨ ᠤ ᠨᠣᠲᠠᠯᠠᠯᠲᠠ ᠥᠭᠴᠦ ᠂ ᠶᠤᠸᠠᠨ ᠪᠦᠦ ᠱᠠᠨ ᠲᠣᠭᠤᠷᠢᠭ ᠵᠢᠱᠢᠶ᠎ᠡ ᠦᠵᠡᠭᠦᠯᠬᠦ ᠴᠢᠳᠠᠮᠵᠢ ᠶᠢ ᠪᠠᠳᠠᠷᠠᠭᠤᠯᠬᠤ᠂ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠬᠡᠷᠡᠭᠴᠡᠭᠡ ᠶᠢ ᠬᠠᠩᠭᠠᠪᠠ ᠃ ᠶᠤᠸᠠᠨ ᠪᠦᠦ ᠱᠠᠨ ᠲᠣᠭᠤᠷᠢᠭ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠲᠠᠭᠤ ᠲᠣᠨᠤᠭ ᠤᠨ ᠪᠡᠯᠡᠳᠬᠡᠮᠵᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠣᠯᠪᠠᠰᠤᠷᠠᠭᠤᠯᠤᠨ ᠳᠡᠭᠡᠭᠰᠢᠯᠡᠭᠦᠯᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠳᠤ ᠥᠨᠡᠨ ᠬᠦ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠬᠥᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃    ᠵᠠᠩ ᡁᠢ ᠸᠧᠢ ᠂ ᠶᠤᠸᠠᠨ ᠪᠦᠦ ᠱᠠᠨ ᠲᠣᠭᠤᠷᠢᠭ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠷᠣᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠨᠥᠭᠡᠴᠡᠯᠡᠬᠦ ᠪᠠ ᠬᠥᠮᠥᠵᠢᠭᠦᠯᠬᠦ ᠶᠢ ᠨᠠᠩ ᠴᠢᠬᠤᠯᠠᠴᠢᠯᠠᠵᠤ᠂ ᠬᠠᠲᠠᠭᠤ ᠲᠣᠨᠤᠭ ᠤᠨ ᠪᠡᠯᠡᠳᠬᠡᠮᠵᠢ ᠂ ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠬᠠᠮᠢᠶᠠᠷᠤᠯᠲᠠ ᠂ ᠤᠷᠮᠠᠰᠢᠭᠤᠯᠬᠤ ᠲᠣᠭᠲᠠᠴᠠ ᠶᠢᠨ ᠲᠠᠯ᠎ᠠ ᠪᠠᠷ ᠳᠠᠬᠢᠨ ᠬᠦᠴᠦ ᠣᠷᠣᠭᠤᠯᠵᠤ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢ ᠰᠤᠪᠢᠯᠠᠭᠴᠢ ᠶᠢᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠷᠬᠡᠶᠢᠯᠡᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1