ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 11 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/25
    7 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 11 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠪᠦᠦ ᠶᠦᠨ ᠳ᠋ᠦᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠶᠤᠸᠠᠨ ᠪᠦᠦ ᠱᠠᠨ ᠲᠣᠭᠤᠷᠢᠭ ᠤᠨ ᠠᠶᠤᠯ ᠥᠭᠡᠢ ᠦᠢᠯᠡᠳᠪᠦᠷᠢᠯᠡᠯ ᠤᠨ ᠵᠥᠪᠯᠡᠯ ᠳᠤ ᠲᠣᠬᠢᠷᠠᠭᠤᠯᠤᠯᠲᠠ ᠬᠢᠬᠦ ᠪᠠ ᠠᠷᠪᠠᠨ ᠠᠶᠤᠯ ᠥᠭᠡᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠪᠠᠶᠢᠭᠤᠯᠬᠤ ᠂ ᠭᠡᠷ ᠳᠣᠲᠣᠷᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠥᠭᠡᠷᠡᠴᠢᠯᠡᠯᠲᠡ ᠂ ︽ ᠡᠪᠦᠯ ᠤᠨ ᠠᠰᠠᠭᠤᠳᠠᠯ ᠢ ᠵᠤᠨ ᠰᠢᠢᠳᠪᠥᠷᠢᠯᠡᠬᠦ︾ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠂ 2024 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠂ ᠫᠢᠩᠵᠤᠸᠠᠩ ᠬᠤᠲᠠ ᠶᠢᠨ ᠲᠣᠭᠤᠷᠢᠭ ᠤᠨ ᠬᠠᠲᠠᠭᠤᠷᠠᠭᠤᠯᠤᠯᠲᠠ ᠵᠢᠴᠢ ᠨᠣᠭᠤᠭᠠᠷᠠᠭᠤᠯᠤᠯᠲᠠ ᠶᠢᠨ ᠢᠨᠵᠧᠨᠧᠷᠢᠩ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ ᠃ ᠲᠦᠷᠦᠭᠦᠸ ᠬᠠᠭᠠᠰ ᠵᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠂ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠵᠦ ᠂ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠺᠣᠮᠢᠰ  ᠠᠷᠪᠠ ᠶᠢ ᠪᠠᠶᠢᠭᠤᠯᠬᠤ ᠨᠢ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠪᠣᠳᠠᠲᠤ ᠪᠠᠶᠢᠳᠠᠯ ᠳᠤ ᠨᠡᠶᠢᠴᠡᠬᠦ ᠮᠥᠷᠲᠡᠭᠡᠨ ᠪᠠᠰᠠ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠶᠢ ᠭᠦᠢᠴᠡᠳ ᠬᠠᠷᠠᠭᠠᠯᠵᠠᠵᠤ᠂ ᠲᠥᠷᠥᠯ ᠵᠦᠢᠯ ᠨᠢ ᠲᠣᠳᠣᠷᠬᠠᠢ᠂ ᠬᠠᠷᠢᠭᠤᠴᠠᠯᠭ᠎ᠠ ᠨᠢ ᠦᠨᠡᠨ ᠪᠣᠳᠠᠲᠠᠢ ᠪᠠᠶᠢᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ ᠪᠠᠨ ᠦᠨᠳᠦᠰᠦᠯᠡᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠠᠶᠢᠷᠢᠯᠠᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠵᠦ ᠂ ᠡᠯ᠎ᠡ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠂ ᠬᠦᠴᠦᠲᠡᠢ ᠠᠷᠭ᠎ᠠ ᠬᠡᠮᠵᠢᠶ᠎ᠡ ᠠᠪᠴᠤ ᠂ ᠡᠯ᠎ᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠢᠢᠳᠪᠦᠷᠢᠯᠡᠬᠦ ᠲᠤᠰᠬᠠᠢ ᠮᠡᠷᠭᠡᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠮᠠᠨ ᠤ ᠲᠣᠭᠤᠷᠢᠭ ᠤᠨ ᠠᠶᠤᠯ ᠥᠭᠡᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ︽ ᠳᠥᠷᠪᠡᠨ ᠬᠠᠮᠤᠭ  ᠴᠢᠩᠭ᠎ᠠ ︾ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ᠂ ᠪᠣᠷᠤᠯᠠᠭᠤᠯᠭ᠎ᠠ᠂ ᠬᠡᠷᠡᠭᠯᠡᠯᠲᠡ ᠶᠢᠨ ᠪᠥᠬᠦ ᠶᠠᠪᠤᠴᠠ ᠂ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠦᠴᠦᠨ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠥᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠥᠭᠡᠷᠡᠴᠢᠯᠡᠯᠲᠡ ᠪᠣᠯᠣᠨ ︽ ᠡᠪᠦᠯ ᠤᠨ ᠠᠰᠠᠭᠤᠳᠠᠯ ᠢ ᠵᠤᠨ ᠰᠢᠢᠳᠪᠥᠷᠢᠯᠡᠬᠦ︾ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠲᠦᠷᠦᠯ ᠵᠦᠢᠯ ᠪᠣᠯ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ ᠃ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠤᠭᠤᠭ ᠯᠡᠪᠡᠷᠡᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ᠂ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠴᠢᠨᠠᠷ ᠪᠠ ᠵᠢᠷᠤᠮᠵᠢᠯ ᠤᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠵᠤᠨ ᠤ ᠤᠯᠠᠷᠢᠯ ᠤᠨ ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠪᠠᠶᠢᠴᠠᠭᠠᠯᠲᠠ ᠎ ᠶᠢᠨ ᠬᠠᠮᠤᠭ ᠤᠨ ᠰᠠᠶᠢᠨ ᠴᠠᠭ ᠲᠣᠬᠢᠶᠠᠯ ᠢ ᠡᠵᠡᠮᠳᠡᠵᠦ ᠂ ᠳᠤᠯᠠᠭᠠᠯᠠᠭ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠴᠠᠭ ᠲᠤᠬᠠᠢ ᠳᠤᠨᠢ ᠪᠠᠶᠢᠴᠠᠭᠠᠨ ᠵᠠᠰᠠᠵᠤ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠤ ᠵᠠᠳᠠᠯᠤᠨ ᠵᠠᠰᠠᠬᠤ ᠶᠢ ᠴᠢᠩᠭ᠎ᠠ ᠰᠡᠷᠭᠡᠶᠢᠯᠡᠵᠦ ᠂ ᠵᠢᠷᠤᠭ ᠲᠥᠯᠥᠪᠯᠡᠭᠡ ᠶᠢᠨ ᠲᠥᠰᠥᠯ ᠢᠶᠠᠨ ᠴᠢᠨᠠᠭᠰᠢᠳᠠ ᠲᠡᠭᠦᠯᠳᠡᠷᠵᠢᠭᠦᠯᠵᠦ ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ ᠂ ᠳᠡᠭᠡᠳᠦ ᠱᠠᠲᠤᠨ ᠤ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠂ ᠬᠤᠳᠠ ᠶᠢᠨ ᠲᠣᠭᠤᠷᠢᠭ ᠢ ᠬᠠᠲᠠᠭᠤᠷᠠᠭᠤᠯᠬᠤ ᠵᠢᠴᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠨᠢ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠤᠨ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠬᠤᠳᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠦᠴᠦᠲᠡᠢ ᠭᠠᠷᠳᠠᠴᠠ ᠪᠣᠯᠣᠨ᠎ᠠ ᠃ ᠡᠯ᠎ᠡ ᠬᠤᠯᠪᠣᠭᠳᠠᠯ ᠪᠦᠬᠦᠢ ᠵᠡᠭᠡᠯᠢ ᠭᠤᠳᠤᠮᠵᠢ ᠪᠠ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ ᠂ ᠴᠢᠳᠠᠮᠵᠢ ᠨᠢ ᠲᠡᠭᠦᠯᠳᠡᠷ ᠪᠤᠰᠤ ᠂ ᠪᠠᠷᠢᠯᠭ᠎ᠠ ᠶᠢᠨ ᠡᠪᠳᠡᠷᠡᠯ ᠰᠦᠢᠳᠦᠯ ᠬᠦᠨᠳᠦ ᠨᠣᠴᠢᠲᠠᠢ ᠪᠠᠶᠢᠬᠤ ᠵᠡᠷᠭᠡ ᠤᠯᠠᠨ ᠲᠦᠮᠡᠨ ᠤ ᠲᠤᠰᠬᠠᠯ ᠴᠢᠩᠭ᠎ᠠ ᠪᠠᠶᠢᠬᠤ ᠠᠰᠠᠭᠤᠳᠠᠯ ᠢ ᠥᠭᠡᠷᠡᠴᠢᠯᠡᠬᠦ ᠶᠢᠨ ᠭᠤᠣᠯᠳᠠᠯᠭ᠎ᠠ ᠪᠣᠯᠭᠠᠵᠤ ᠂ ᠥᠨᠳᠥᠷ ᠪᠠᠷᠢᠮᠵᠢᠶ᠎ᠠ ᠪᠠᠷ ᠲᠥᠯᠦᠪᠵᠢᠭᠦᠯᠭᠡ ᠶᠢ ᠰᠠᠶᠢᠲᠤᠷ ᠬᠢᠵᠦ ᠂ ᠴᠢᠨᠠᠷ ᠰᠠᠶᠢᠲᠠᠢ ᠲᠦᠷᠭᠡᠨ ᠠᠬᠢᠭᠤᠯᠬᠤ ᠬᠡᠷᠡᠭᠲᠡᠢ ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠡᠳ᠋ ᠤᠨ ᠵᠠᠰᠠᠭ ᠤᠨ ᠬᠢᠨᠠᠨ ᠲᠣᠭᠲᠠᠭᠠᠯᠲᠠ ᠶᠢ ᠴᠢᠩᠭᠠᠷᠠᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠮᠤᠷ ᠲᠦᠪᠰᠢᠨ ᠪᠥᠭᠡᠳ ᠡᠮᠬᠢ ᠵᠢᠷᠤᠮ ᠲᠠᠢ᠂ ᠲᠤᠭ᠎ᠠ ᠬᠡᠮᠵᠢᠶ᠎ᠡ ᠶᠢ ᠪᠠᠲᠤᠯᠠᠨ ᠠᠬᠢᠭᠤᠯᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠶᠢᠨ ᠳᠦᠷᠢ ᠲᠥᠷᠬᠦ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠶᠣ ᠰᠠᠶᠢᠬᠠᠨ᠂ ᠴᠡᠪᠡᠷ ᠲᠡᠭᠰᠢ ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1